5 ᠰᠠᠷ᠎ᠠ ᠶᠢᠨ 11 ᠤ ᠡᠳᠦᠷ᠂ ᠬᠠᠳᠠᠪᠴᠢ ᠪᠠᠯᠭᠠᠰᠤ ᠨᠢ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠠᠶᠢᠴᠢᠯᠠᠯᠳᠠ ᠶᠢᠨ ᠬᠤᠷᠠᠯ | ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠭᠦᠳ᠂ ᠭᠠᠴᠠᠭ᠎ᠠ ︵ᠨᠡᠶᠢᠭᠡᠮ ᠲᠣᠭᠤᠷᠢᠭ︶ ᠤ | ᠨᠠᠮ ᠤᠨ ᠡᠭᠦᠷ ᠤᠨ ᠱᠦᠵᠢ᠂ ᠬᠢᠨᠠᠯᠲᠠ ᠲᠠᠯᠪᠢᠬᠤ ᠵᠥᠪᠯᠡᠯ ᠤᠨ ᠭᠡᠰᠢᠭᠦᠨ᠂ ᠡᠯ᠎ᠡ ᠭᠠᠴᠠᠭᠠᠨ ᠤ ᠨᠠᠮ ᠤᠨ | ᠪᠠᠶᠢᠭᠤᠯᠤᠯᠲᠠ ᠶᠢᠨ ᠬᠠᠷᠢᠯᠴᠠᠭᠴᠢ ᠵᠢᠴᠢ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ᠂ ︽ᠵᠡᠭᠦᠨ ᠦᠵᠦᠮᠦᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠬᠢᠨᠠᠨ ᠪᠠᠶᠢᠴᠠᠭᠠᠬᠤ | ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠲᠥᠰᠦᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠭᠠᠴᠠᠭ᠎ᠠ ︵ᠨᠡᠶᠢᠭᠡᠮ ᠲᠣᠭᠤᠷᠢᠭ︶ ᠤᠨ ︽ᠭᠤᠷᠪᠠᠨ | ᠬᠦᠷᠦᠩᠭᠡ︾ ᠶᠢᠨ ᠬᠢᠨᠠᠯᠲᠠ ᠬᠠᠮᠢᠶᠠᠷᠤᠯᠲᠠ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ ᠪᠠᠶᠢᠷᠢᠯᠠᠭᠤᠯᠤᠯᠲᠠ | ᠬᠢᠵᠡᠶ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠲᠤᠰ ᠤᠳᠠᠭᠠᠨ ᠤ ᠠᠵᠢᠯ ᠤᠨ ᠴᠢᠬᠤᠯᠠ ᠴᠢᠨᠠᠷ ᠢ | ᠭᠦᠨᠵᠡᠭᠡᠢ ᠲᠠᠨᠢᠵᠤ᠂ ᠦᠵᠡᠯ ᠰᠠᠨᠠᠭ᠎ᠠ᠂ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠪᠠᠲᠤᠳᠬᠠᠵᠤ᠂ ᠬᠤᠪᠢ ᠪᠡᠶ᠎ᠡ ᠶᠢᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠤᠶᠠᠷ ᠲᠤ᠂ | ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠠᠮᠢᠶ᠎ᠠ ᠪᠦᠬᠦᠢ ᠳᠦᠷᠢᠮ ᠢ | ᠪᠠᠶᠢᠭᠤᠯᠤᠨ᠂ ᠺᠠᠳ᠋ᠷ ᠠᠵᠢᠯᠲᠠᠨ ᠢ ᠬᠥᠮᠦᠵᠢᠭᠦᠯᠵᠦ ᠬᠥᠲᠥᠯᠥᠨ ᠵᠢᠯᠣᠭᠤᠳᠬᠤ ᠪᠠ ᠬᠢᠨᠠᠨ ᠪᠠᠶᠢᠴᠠᠭᠠᠬᠤ ᠶᠢ | ᠴᠢᠩᠭᠠᠳᠬᠠᠵᠤ᠂ ᠡᠷᠬᠡ ᠪᠠᠨ ᠵᠦᠪ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠲᠤᠰᠬᠠᠢ ᠴᠡᠭᠴᠡᠯᠡᠨ | ᠵᠠᠰᠠᠬᠤ ᠠᠵᠢᠯ ᠢ ᠨᠠᠮ ᠤᠨ ᠴᠢᠩᠭ᠎ᠠ ᠵᠠᠰᠠᠯᠲᠠ ᠪᠠ ᠺᠠᠳ᠋ᠷ ᠠᠵᠢᠯᠲᠡᠳ ᠤᠨ ᠡᠳᠦᠷ ᠳᠤᠳᠤᠮ ᠤᠨ ᠬᠠᠮᠢᠶᠠᠷᠤᠯᠲᠠ ᠶᠢ | ᠴᠢᠩᠭᠠᠳᠬᠠᠬᠤ ᠲᠠᠢ ᠤᠶᠠᠯᠳᠤᠭᠤᠯᠵᠤ᠂ ᠺᠠᠳ᠋ᠷ ᠠᠵᠢᠯᠳᠠᠨ ᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ | ᠠᠬᠢᠭᠤᠯᠵᠤ᠂ ᠤᠯᠠᠨ ᠲᠦᠮᠡᠨ ᠳᠤ ᠢᠳᠡᠪᠬᠢᠲᠡᠢ ᠪᠠᠷ ᠪᠣᠲᠠᠲᠤ ᠠᠵᠢᠯ ᠬᠢᠵᠦ᠂ ᠤᠯᠤᠰ ᠤᠨ ᠲᠦᠷᠦ ᠶᠢᠨ | ᠪᠤᠳᠤᠯᠭ᠎ᠠ ᠶᠢ ᠤᠯᠠᠨ ᠲᠦᠮᠡᠨ ᠳᠤ ᠢᠳᠡᠪᠬᠢᠲᠡᠢ ᠨᠠᠶᠢᠳᠠᠪᠤᠷᠢᠵᠢᠭᠤᠯᠬᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ | ᠦᠨᠳᠦᠰᠦᠨ ᠱᠠᠲᠤᠨ ᠳᠤ ᠳᠠᠮᠵᠢᠭᠤᠯᠵᠤ᠂ ᠤᠯᠠᠨ ᠲᠦᠮᠡᠨ ᠤ ᠲᠦᠪ ᠭᠤᠤᠯᠴᠢ ᠲᠦᠷᠦᠭᠳᠡᠯ ᠢ ᠨᠡᠮᠡᠭᠳᠡᠭᠦᠯᠬᠦ | ᠬᠡᠷᠡᠭᠲᠡᠢ᠃ | |