ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 56 ᠳ᠋ᠤᠭᠠᠷ ᠤᠳᠠᠭᠠᠨ ᠤ ︵2024 ᠣᠨ ᠤ 8 ᠳ᠋ᠤᠭᠠᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/27
      4 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ  ᠬᠤᠰᠢᠭᠤ  ᠨᠠᠮ ᠤᠨ ᠬᠤᠷᠢᠶᠠᠨ ᠤ 56 ᠳ᠋ᠤᠭᠠᠷ ᠣᠳᠠᠭᠠᠨ ᠤ ︵2024 ᠣᠨ  ᠤ 8 ᠳ᠋ᠤᠭᠠᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃          ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠪᠤᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︿︿ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ﹀﹀᠂ ︿︿ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠰᠤᠨ ᠤ ᠡᠬᠢ ᠪᠠᠶᠠᠯᠢᠭ ᠢ ᠴᠢᠩᠭ᠎ᠠ ᠬᠢᠵᠠᠭᠠᠷᠯᠠᠬᠤ ᠲᠦᠷᠢᠮ ᠢ ᠬᠡᠷᠡᠭᠵᠢᠭᠦᠯᠬᠦ ᠲᠤᠬᠠᠢ ᠰᠠᠨᠠᠯ﹀﹀᠂ ︿︿ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ ᠤᠶᠢᠷ᠎ᠠ ᠶᠢᠨ ᠬᠤᠭᠤᠴᠠᠭᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠤᠨ ᠲᠤᠬᠠᠢ ᠵᠠᠷᠯᠠᠯ﹀﹀ ᠢ ᠤᠯᠠᠮᠵᠢᠯᠠᠨ ᠰᠤᠷᠤᠯᠴᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ  ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ‌‍ᠶᠢᠨ ᠬᠤᠷᠠᠯ ᠤᠨ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠪᠦᠬᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠤᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ  ᠳᠤ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ  ᠲᠠᠢ ᠦᠨᠡᠨ ᠬᠦ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ‌ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︿︿ᠵᠢᠱᠢᠶᠡᠴᠢ ᠥᠪᠡᠷᠲᠡᠭᠡᠨ ᠵᠠᠰᠠᠬᠤ ᠣᠷᠣᠨ﹀﹀ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︿︿ᠵᠢᠷᠭᠤᠭᠠᠨ ᠢᠨᠵᠧᠨᠧᠷᠢᠩ﹀﹀ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠶᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠪᠠᠶᠢᠩᠭᠤ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠬᠠᠤ ᠶᠢ ᠠᠬᠢᠭᠤᠯᠬᠤ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠡᠷᠡᠯ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠠᠷᠠᠳ ᠤᠯᠠᠨ ᠤ ᠬᠦᠷᠲᠡᠮᠵᠢ  ᠶᠢᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠪᠠ ᠠᠶᠤᠯ ᠲᠦᠭᠰᠢᠭᠦᠷᠢ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠣᠳᠣᠬᠠᠨ ᠤ ᠠᠶᠤᠯᠭᠦᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ  ᠪᠠᠷ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠪᠠ ᠬᠦᠨᠳᠦ ᠶᠡᠭᠡ ᠭᠠᠯ ᠭᠠᠷᠬᠤ ᠶᠢ ᠡᠷᠡᠰ ᠬᠤᠷᠢᠭᠯᠠᠵᠤ᠂ ᠠᠮᠢ ᠠᠬᠤᠶ ᠶᠢᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号