ᠮᠠᠨ ᠤ ᠬᠤᠰᠢᠭᠤ ︽ᠨᠣᠮ ᠪᠠ ᠮᠢᠨᠤ ᠵᠣᠯ ᠵᠢᠷᠭᠠᠯᠲᠤ ᠦᠲᠡᠯᠦᠭᠡ ᠨᠠᠰᠤ︾ ᠭᠤᠣᠯ ᠰᠡᠳᠤᠪᠲᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/27
      ︽ᠨᠣᠮ ᠳᠤᠲᠤᠷ᠎ᠠ ᠵᠠᠮ ᠪᠤᠢ᠂ ᠨᠣᠮ ᠳᠤᠲᠤᠷ᠎ᠠ ᠤᠬᠠᠭᠠᠨ ᠪᠣᠢ᠂ ᠨᠣᠮ ᠳᠤᠲᠤᠷ᠎ᠠ ᠢᠷᠡᠭᠡᠳᠦᠢ ᠪᠤᠢ︾  ᠭᠡᠳᠡᠭᠴᠢᠯᠡᠨ ᠨᠣᠮ ᠲᠠᠢ ᠬᠠᠨᠢᠯᠠᠭᠰᠠᠨ ᠬᠦᠮᠦᠨ ᠠᠮᠢᠳᠤᠷᠠᠯ ᠳᠤ ᠪᠠᠨ ᠬᠡᠵᠢᠶᠡᠳᠡ ᠦᠭᠡᠳᠡᠷᠡᠭ᠂ ᠠᠮᠵᠢᠯᠲᠠ ᠳᠦᠭᠦᠷᠡᠩ ᠶᠠᠪᠤᠳᠠᠭ᠃ 29 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠳᠠᠰᠢᠷᠠᠮ ᠢᠶᠠᠷ᠂ 4 ᠰᠠᠷ᠎ᠠ ᠶᠢᠨ 23 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠣᠮ ᠤᠨ ᠰᠠᠩ ᠠᠴᠠ ᠭᠤᠣᠯᠯᠠᠨ ᠡᠷᠬᠢᠯᠡᠵᠦ᠂ ᠵᠡᠭᠦᠨ ᠦᠵᠦᠮᠦᠴᠢᠨ ᠬᠤᠰᠢᠭᠤᠨ ᠤ ︽ᠠᠶᠠᠨ ᠨᠠᠰᠤᠵᠢᠯ ᠤᠨ ᠠᠰᠠᠷᠠᠮᠵᠢ ᠶᠢᠨ        ᠬᠦᠷᠢᠶᠡᠯᠡᠩ︾ ᠠᠴᠠ ᠳᠠᠭᠠᠭᠠᠴᠢᠯᠠᠨ ᠡᠷᠬᠢᠯᠡᠭᠰᠡᠨ ︽ᠨᠤᠮ ᠤᠨ ᠭᠡᠰᠢᠭᠲᠦ ᠵᠡᠭᠦᠨ ᠦᠵᠦᠮᠦᠴᠢᠨ︾ ᠳᠡᠯᠡᠭᠡᠢ ᠶᠢᠨ ᠨᠣᠮ ᠣᠩᠰᠢᠬᠤ ᠡᠳᠦᠷ ᠲᠤ ᠵᠣᠷᠢᠭᠤᠯᠤᠭᠰᠠᠨ ︽ᠨᠣᠮ ᠪᠠ ᠮᠢᠨᠤ ᠵᠣᠯ ᠵᠢᠷᠭᠠᠯᠲᠤ ᠦᠲᠡᠯᠦᠭᠡ ᠨᠠᠰᠤ︾ ᠭᠤᠣᠯ ᠰᠡᠳᠤᠪᠲᠤ ᠠᠵᠢᠯᠯᠠᠭ᠎ᠠ  ᠬᠦᠷ ᠨᠠᠷᠬᠢᠶᠠᠨ ᠲᠠᠢ ᠶᠠᠪᠤᠭᠳᠠᠯ᠎ᠠ᠃      ᠠᠵᠢᠯᠯᠠᠭ᠎ᠠ ᠶᠢᠨ ᠲᠡᠷᠢᠭᠦᠨ ᠳᠤ᠂ ᠵᠡᠭᠦᠨ ᠦᠵᠦᠮᠦᠴᠢᠨ ᠬᠤᠰᠢᠭᠤᠨ ᠤ ᠨᠣᠮ ᠤᠨ ᠰᠠᠩ ᠤᠨ ᠠᠵᠢᠯᠲᠠᠳ ᠠᠴᠠ  ᠨᠠᠰᠤᠲᠠᠶᠢᠴᠤᠳ ᠢ ᠳᠠᠭᠠᠭᠤᠯᠤᠨ ᠨᠣᠮ  ᠤᠨ ᠰᠠᠩ  ᠢᠶᠠᠷ ᠲᠣᠭᠤᠷᠢᠨ ᠦᠵᠡᠭᠦᠯᠵᠦ᠂ ᠡᠯ᠎ᠡ ᠲᠦᠷᠦᠯ ᠤᠨ ᠴᠢᠳᠠᠪᠬᠢᠲᠤ ᠲᠠᠯᠠᠪᠤᠷ ᠢ ᠨᠠᠷᠢᠯᠢᠭ ᠲᠠᠶᠢᠯᠪᠤᠷᠢᠯᠠᠨ ᠦᠭᠴᠦ᠂ ᠨᠠᠰᠤᠲᠠᠶᠢᠴᠤᠳ ᠤᠨ ᠪᠠᠭ᠋ᠠᠲᠤᠯ ᠰᠤᠨᠢᠷᠬᠠᠯ ᠢ ᠨᠢ ᠬᠦᠭᠵᠢᠭᠦᠯᠵᠦ᠂ ᠵᠤᠭ᠎ᠠ ᠴᠡᠩᠭᠡᠯ ᠤᠨ ᠬᠦᠷᠲᠡᠭᠡᠮᠵᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ ︽ᠨᠣᠮ ᠪᠠ ᠮᠢᠨᠤ ᠵᠣᠯ ᠵᠢᠷᠭᠠᠯᠲᠤ ᠦᠲᠡᠯᠦᠭᠡ ᠨᠠᠰᠤ︾ ᠭᠤᠣᠯ ᠰᠡᠳᠤᠪᠲᠤ ᠠᠵᠢᠯᠯᠠᠭ᠎ᠠ ᠳᠤ14 ᠨᠠᠰᠤᠲᠠᠨ ᠤᠷᠤᠯᠳᠤᠭᠠᠨ ᠳᠤ ᠨᠡᠷ᠎ᠡ ᠮᠡᠳᠡᠭᠦᠯᠦᠨ ᠤᠷᠤᠯᠴᠠᠵᠤ ᠦᠪᠡᠷ ᠤᠨ ᠰᠣᠨᠢᠷᠬᠠᠳᠠᠭ ᠨᠣᠮ ᠤᠨ ᠭᠡᠰᠡᠭᠯᠡᠯᠯ ᠠᠴᠠ ᠬᠤᠪᠢᠶᠠᠯᠴᠠᠨ᠂ ᠤᠶᠤᠨ ᠤᠬᠠᠭᠠᠨ ᠢᠶᠠᠨ ᠰᠣᠷᠢᠵᠤ᠂ ᠤᠷ᠎ᠠ ᠠᠪᠢᠶᠠᠰ ᠢᠶᠠᠨ ᠲᠤᠯᠢᠳᠠᠭᠤᠯᠤᠯ᠃ ᠤᠷᠤᠯᠳᠤᠭᠠᠨ ᠤ ᠳ᠋ᠦᠩ ᠳᠤ᠂ ᠨᠢᠭᠡᠳᠦᠭᠡᠷ ᠨᠡᠷ᠎ᠡ ᠳᠤ ᠣᠶᠤᠨᠭᠡᠷᠡᠯ ᠲᠣᠳᠤᠷᠠᠵᠤ᠂ ᠬᠤᠶᠠᠳᠤᠭᠠᠷ ᠨᠡᠷᠡᠰ ᠲᠤ ᠰᠠᠷᠠᠩᠬᠤᠸᠠᠷ᠂ ᠤᠷᠠᠨ᠎ᠠ ᠲᠣᠳᠤᠷᠠᠨ᠂ ᠭᠤᠷᠪᠠᠳᠤᠭᠠᠷ ᠨᠡᠷᠡᠰ ᠲᠤ ᠰᠡᠷᠭᠦᠯᠡᠩ᠂  ᠴᠡᠴᠡᠭ᠂ ᠬᠠᠰᠴᠢᠮᠡᠭ ᠲᠤᠳᠤᠷᠠᠵᠤ᠂ ᠰᠢᠯᠢᠳᠡᠭ ᠨᠡᠷᠡᠰ ᠲᠤ10 ᠬᠦᠮᠦᠨ ᠲᠤᠳᠤᠷᠠᠵᠠᠢ᠃      ᠨᠣᠮ ᠣᠩᠰᠢᠬᠤ ᠨᠢ ᠤᠶᠤᠨ ᠰᠠᠨᠠᠭ᠎ᠠ ᠶᠢ ᠬᠦᠭᠵᠢᠭᠦᠯᠳᠡᠭ᠃ ᠨᠡᠩ ᠢᠯᠠᠩᠭᠤᠶ᠎ᠠ ᠨᠠᠰᠤᠲᠠᠶᠢᠴᠤᠳ ᠴᠤ ᠠᠪᠴᠤ ᠬᠡᠯᠡᠪᠡᠯ᠂ᠨᠣᠮ ᠤᠩᠰᠢᠬᠤ ᠨᠢ ᠶᠡᠭᠡ ᠲᠠᠷᠢᠬᠢᠨ ᠤ ᠡᠷᠡᠭᠦᠯ ᠮᠡᠨᠳᠦ ᠶᠢ ᠪᠠᠲᠤᠯᠠᠵᠤ᠂ ᠴᠡᠭᠡᠵᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂  ᠰᠡᠳᠬᠢᠯ ᠰᠠᠨᠠᠭ᠎ᠠ᠂ ᠤᠷᠮ᠎ᠠ ᠵᠣᠷᠢᠭ ᠢ ᠰᠡᠷᠭᠦᠭᠡᠬᠦ ᠠᠴᠢ ᠬᠤᠯᠪᠤᠭᠳᠠᠯ ᠲᠠᠢ ᠪᠠᠶᠢᠳᠠᠭ᠃ ᠨᠠᠰᠤᠲᠠᠶᠢᠴᠤᠳ ᠤᠨ ᠡᠶᠢᠨᠬᠦ ᠤᠳᠬ᠎ᠠ ᠲᠡᠭᠦᠯᠳᠡᠷ ᠦᠢᠯᠡ ᠠᠵᠢᠯᠯᠠᠭ᠎ᠠ ᠳᠤ ᠢᠳᠡᠪᠬᠢᠯᠡᠨ ᠤᠷᠤᠯᠴᠠᠵᠤ᠂ ᠤᠷ᠎ᠠ ᠠᠪᠢᠶᠠᠰ ᠢᠶᠠᠨ ᠲᠣᠯᠢᠳᠠᠭᠤᠯᠤᠨ᠂ ᠦᠳᠡᠯᠦᠭᠡ ᠨᠠᠰᠤ ᠪᠠᠨ ᠣᠶᠣᠨ ᠰᠠᠨᠠᠭᠠᠨ ᠤ ᠪᠠᠶᠠᠯᠢᠭ ᠰᠢᠮ᠎ᠡ ᠳᠡᠵᠢᠭᠡᠯ ᠪᠣᠯᠣᠭᠰᠠᠨ ᠨᠣᠮ ᠪᠢᠴᠢᠭ ᠢᠶᠠᠷ ᠴᠢᠮᠡᠵᠦ ᠶᠠᠪᠤᠭ᠎ᠠ ᠨᠢ ᠮᠠᠰᠢ ᠪᠠᠭ᠋ᠠᠷᠬᠠᠯᠲᠠᠢ ᠪᠢᠯᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号