ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠬᠠᠮᠲᠤ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠬᠤ ᠵᠢᠴᠢ ︿︿ᠨᠤᠮ ᠤᠨ ᠬᠡᠰᠢᠭᠲᠦ ᠰᠤᠷᠭᠠᠭᠤᠯᠢ ᠶᠢᠨ ᠬᠦᠷᠢᠶ᠎ᠡ﹀﹀ ᠦᠵᠡᠭᠦᠯᠦᠯᠭᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/27
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨ ᠭᠦᠨᠵᠡᠭᠡᠢ ᠪᠦᠲᠦᠮᠵᠢᠲᠡᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠤᠬᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 23 ᠤ ᠦᠳᠡ  ᠶᠢᠨ ᠬᠤᠶᠢᠨ᠎ᠠ᠂ ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠬᠤᠷᠢ ᠶᠢᠰᠦᠳᠦᠭᠡᠷ ᠳᠡᠯᠡᠬᠡᠢ ᠶᠢᠨ ᠨᠣᠮ ᠤᠩᠰᠢᠬᠤ ᠡᠳᠦᠷ ᠲᠠᠢ ᠤᠶᠠᠯᠳᠤᠭᠤᠯᠤᠨ᠂ ︿︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠶ᠎ᠠ﹀﹀ ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ ᠲᠠᠭᠠᠨ ᠤᠷᠤᠭᠰᠢᠯᠠᠨᠠᠮ ᠬᠠᠮᠲᠤ ᠪᠠᠷ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠬᠤ ᠵᠢᠴᠢ ︿︿ᠨᠤᠮ ᠤᠨ ᠬᠡᠰᠢᠭᠲᠦ ᠰᠤᠷᠭᠠᠭᠤᠯᠢ ᠶᠢᠨ ᠬᠦᠷᠢᠶ᠎ᠡ﹀﹀ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ  ᠃      ᠠᠵᠢᠯᠯᠠᠭ᠎ᠠ ᠨᠢ ᠤᠷᠠᠨ ᠤᠩᠰᠢᠯᠭ᠎ᠠ ︿︿ᠮᠢᠨᠦ ᠤᠯᠤᠰ ᠬᠡᠷ ᠣᠷᠤᠨ﹀﹀ ᠢᠶᠠᠷ ᠬᠥᠰᠢᠭᠡ ᠪᠠᠨ ᠰᠡᠬᠦᠵᠦ᠂ ᠪᠦᠬᠦᠶᠢᠯᠡ ᠠᠵᠢᠯᠯᠠᠭ᠎ᠠ ᠨᠢ ᠤᠷᠠᠨ ᠲᠣᠳᠣ ᠤᠩᠰᠢᠯᠭ᠎ᠠ᠂ ᠳᠠᠭᠤᠤ ᠪᠥᠵᠢᠭ᠂ ᠲᠠᠶᠢᠰᠠᠨ ᠤ ᠵᠦᠴᠦᠭᠡ᠂ ᠦᠵᠡᠭᠳᠡᠯᠲᠦ ᠵᠦᠴᠦᠭᠡ ᠶᠢᠨ ᠲᠣᠭᠯᠠᠯᠲᠠ ᠶᠢᠨ ᠬᠡᠯᠪᠡᠷᠢ ᠪᠠᠷ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠣᠩᠭᠤᠳᠠᠭ ᠤᠩᠰᠢᠯᠭ᠎ᠠ᠂ ᠨᠠᠮ ᠤᠨ ᠲᠡᠦᠬᠡ ᠶᠢᠨ ᠬᠥᠮᠦᠵᠢᠯ᠂ ᠬᠤᠪᠢᠰᠬᠠᠯᠲᠤ ᠥᠯᠢᠭᠡᠷ ᠣᠩᠰᠢᠬᠤ ᠵᠡᠷᠭᠡ ᠪᠠᠷ ᠳᠠᠮᠵᠢᠭᠤᠯᠤᠨ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠣᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠤᠭᠰᠠᠨ ︿︿ᠨᠠᠮ ‍ᠤᠨ‌ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀﹀ ᠡᠷᠡᠰ ᠵᠣᠷᠢᠭ ᠢ ᠬᠠᠷᠠᠭᠤᠯᠵᠠᠢ  ᠃      ᠲᠠᠶᠢᠰᠠᠨ ᠤ ᠵᠦᠴᠦᠭᠡ ︿︿ᠲᠠᠯ᠎ᠠ ᠨᠤᠲᠤᠭ ᠤᠨ ᠡᠵᠢ﹀﹀ ᠨᠢ ᠲᠦᠬᠦᠶᠢᠮ᠎ᠡ ᠡᠵᠢ  ᠬᠤᠷᠢᠨ ᠨᠠᠢᠮᠠᠨ        ︿︿ᠤᠯᠤᠰ ᠤᠨ ᠬᠡᠦᠬᠡᠳ﹀﹀ ᠢ ᠬᠠᠷᠠᠮ ᠥᠬᠡᠶ ᠬᠠᠶᠢᠷᠠᠯᠠᠵᠤ ᠬᠥᠮᠦᠵᠢᠭᠦᠯᠦᠭᠰᠡᠨ ᠥᠯᠢᠭᠡᠷ ᠢ ᠠᠮᠢᠳᠤᠯᠢᠭ ᠢᠶᠠᠷ ᠳᠠᠬᠢᠨ ᠬᠠᠷᠠᠭᠤᠯᠵᠤ᠂ ᠬᠡᠦᠬᠡᠳ ᠤᠳ ᠤᠨ ᠰᠡᠳᠬᠢᠯ ᠬᠦᠳᠡᠯᠭᠡᠮ᠎ᠡ ᠲᠣᠭᠯᠠᠯᠲᠠ ᠨᠢ ᠪᠥᠬᠦ ᠲᠠᠯᠠᠪᠠᠶ ᠶᠢᠨ ᠦᠵᠡᠭᠴᠢᠳ ᠢ ᠶᠡᠬᠡᠳᠡ ᠳᠣᠭᠳᠣᠯᠤᠭᠤᠯᠪᠠ᠃ ᠪᠥᠵᠢᠭ ︿︿ᠨᠣᠮ ᠳᠣᠲᠣᠷᠠᠬᠢ ᠲᠠ﹀﹀ ᠨᠢ ᠤᠯᠠᠨ ᠢ ᠳᠠᠭᠠᠭᠤᠯᠤᠨ ᠠᠵᠠ ᠵᠢᠷᠭᠠᠯ ᠢ ᠮᠡᠳᠡᠷᠡᠭᠦᠯᠦᠨ ᠣᠩᠰᠢᠯᠭ᠎ᠠ ᠳᠤ ᠣᠶᠢᠷᠠᠲᠤᠭᠤᠯᠵᠠᠢ᠃ ᠤᠷᠠᠨ ᠣᠩᠰᠢᠯᠭ᠎ᠠ ᠨᠢ ᠴᠠᠭ ᠣᠷᠣᠨ ᠵᠠᠢ  ᠶᠢ ᠠᠯᠤᠰᠯᠠᠭᠰᠠᠨ ᠡᠷᠭᠢᠴᠡᠭᠦᠯᠦᠯ ᠪᠠ ᠶᠠᠷᠢᠯᠴᠠᠭ᠎ᠠ ᠪᠠᠷ ᠰᠢᠨ᠎ᠡ ᠨᠢᠭᠡ ᠦᠶ᠎ᠡ ᠶᠢᠨ ᠵᠠᠯᠠᠭᠤᠴᠤᠳ ᠤᠯᠤᠰ ᠢᠶᠠᠨ ᠬᠦᠴᠦᠷᠬᠡᠭᠵᠢᠭᠦᠯᠬᠦ ᠵᠣᠷᠢᠭ ᠢ ᠡᠪᠦᠷᠯᠡᠨ᠂ ᠦᠷᠭᠦᠯᠵᠢᠯᠡᠨ ᠤᠷᠤᠭᠰᠢᠯᠠᠬᠤ ᠶᠢ ᠤᠷᠢᠶᠠᠯᠠᠵᠤ᠂ ᠦᠵᠡᠭᠳᠡᠯᠲᠦ ᠵᠦᠴᠦᠭᠡ  ᠨᠢ ᠵᠡᠭᠦᠨ ᠦᠵᠦᠮᠦᠴᠢᠨ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠮᠢᠳᠤᠯᠢᠭ ᠢᠶᠠᠷ ᠬᠠᠷᠠᠭᠤᠯᠤᠨ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠨᠥᠬᠦᠴᠡᠯ ᠶᠡᠭᠡ ᠪᠠᠷ ᠰᠠᠶᠢᠵᠢᠷᠠᠵᠤ᠂ ᠰᠤᠷᠭᠠᠨ ᠬᠥᠮᠦᠵᠢᠯ ᠤᠨ ᠦᠢᠯᠡᠰ ᠰᠢᠨᠵᠢᠯᠡᠬᠦ ᠤᠬᠠᠭᠠᠨᠴᠢ᠂ ᠰᠠᠶᠢᠨ ᠬᠥᠭᠵᠢᠯᠲᠡ ᠶᠢᠨ ᠵᠠᠮ ᠢᠶᠠᠷ ᠵᠠᠮᠨᠠᠵᠤ ᠪᠠᠶᠢᠭ᠎ᠠ ᠶᠢ ᠬᠠᠷᠠᠭᠤᠯᠵᠠᠢ᠃      ᠠᠵᠢᠯᠯᠠᠭ᠎ᠠ ᠳᠤ ᠪᠠᠰᠠ 79 ᠨᠡᠷ᠎ᠡ ︿︿ᠤᠩᠰᠢᠯᠭ᠎ᠠ ᠶᠢᠨ ᠣᠳᠣᠨ﹀﹀᠂ 9 ᠨᠡᠷ᠎ᠡ ︿︿ᠨᠤᠮ ᠤᠨ ᠬᠡᠰᠢᠭᠲᠦ ᠰᠤᠷᠤᠭᠴᠢ﹀﹀᠂ 8 ᠨᠡᠷ᠎ᠡ ︿︿ᠨᠤᠮ ᠤᠨ ᠬᠡᠰᠢᠭᠲᠦ ᠪᠠᠭᠰᠢ﹀﹀᠂ 24 ᠨᠡᠷ᠎ᠡ ︿︿ᠤᠩᠰᠢᠯᠭ᠎ᠠ ᠶᠢᠨ          ᠳᠡᠯᠭᠡᠷᠡᠭᠦᠯᠦᠭᠴᠢ﹀﹀᠂ 10 ᠨᠡᠷ᠎ᠡ ︿︿ᠤᠩᠰᠢᠯᠭ᠎ᠠ ᠶᠢᠨ ᠲᠡᠷᠢᠭᠦᠨ ᠤ ᠬᠤᠪᠢ ᠬᠥᠮᠦᠨ﹀﹀᠂ 30 ᠨᠡᠷ᠎ᠡ          ︿︿ᠨᠤᠮ ᠤᠨ ᠬᠡᠰᠢᠭᠲᠦ ᠠᠩᠭᠢ﹀﹀᠂ 11 ᠨᠡᠷ᠎ᠡ ︿︿ᠨᠣᠮ ᠤᠨ ᠬᠡᠰᠢᠭᠲᠦ ᠭᠡᠷ ᠪᠦᠯᠢ﹀﹀᠂ 5 ᠨᠡᠷ᠎ᠡ ︿︿ᠨᠤᠮ ᠤᠨ ᠬᠡᠰᠢᠭᠲᠦ ᠰᠤᠷᠭᠠᠭᠤᠯᠢ ᠶᠢᠨ ᠬᠦᠷᠢᠶ᠎ᠡ﹀﹀ ᠶᠢ ᠬᠥᠬᠢᠭᠦᠯᠦᠨ ᠰᠠᠶᠢᠰᠢᠶᠠᠵᠤ᠂ ᠪᠦᠬᠦ ᠰᠢᠰᠲ᠋ᠧᠮ ᠤᠨ ᠪᠠᠭᠰᠢ ᠰᠤᠷᠤᠭᠴᠢᠳ ᠤᠨ ︿︿ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ ᠪᠠᠶᠢᠬᠤ﹀﹀ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠤᠷᠮᠠᠰᠢᠭᠤᠯᠤᠨ ᠳᠠᠶᠢᠴᠢᠯᠠᠭᠰᠠᠨ ᠪᠠᠶᠢᠨ᠎ᠠ᠃      ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠨᠢ ᠦᠵᠡᠯ ᠰᠠᠨᠠᠭ᠎ᠠ ᠤᠯᠤᠰ ᠲᠥᠷᠥ ᠶᠢᠨ ᠪᠠᠭ᠎ᠠ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠢ ᠣᠷᠭᠠᠨᠢᠭ ᠢᠶᠠᠷ ᠠᠭᠤᠰᠤᠯᠴᠠᠭᠤᠯᠵᠤ᠂ ᠣᠯᠠᠨ ᠢᠶᠠᠷ ᠢᠶᠠᠨ ᠪᠠᠭᠠᠲᠤᠷ ᠬᠥᠮᠦᠰ ᠤᠨ ᠳᠤᠮᠳᠠ ᠠᠴᠠ ᠣᠶᠤᠨ ᠤᠬᠠᠭᠠᠨ ᠰᠢᠩᠭᠡᠭᠡᠨ ᠠᠪᠴᠤ᠂ ᠬᠤᠪᠢᠰᠬᠠᠯ ᠤᠨ ᠰᠣᠶᠣᠯ ᠠᠴᠠ ᠬᠦᠴᠦᠨ ᠴᠢᠳᠠᠯ ᠭᠥᠷᠳᠡᠭᠰᠡᠨ ᠪᠥᠭᠡᠳ ᠪᠠᠰᠠ ᠪᠠᠭᠰᠢ ᠰᠤᠷᠤᠭᠴᠢᠳ ᠤᠨ ᠨᠣᠮ ᠤᠩᠰᠢᠬᠤ ᠤᠷᠮ᠎ᠠ ᠰᠡᠳᠬᠢᠯᠭᠡ ᠶᠢ ᠬᠥᠭᠵᠢᠭᠡᠵᠦ᠂ ᠬᠡᠷ ᠪᠦᠯᠢ ᠪᠠᠷ ᠢᠶᠠᠨ ᠨᠣᠮ ᠤᠩᠰᠢᠬᠤ ᠶᠢ ᠳᠠᠶᠢᠴᠢᠯᠠᠨ᠂ ᠨᠣᠮ ᠤᠩᠰᠢᠬᠤ ᠳᠤᠷᠠᠲᠠᠶ ᠪᠠᠶᠢᠬᠤ ᠶᠢ ᠨᠢᠭᠡ ᠵᠦᠶᠯ ᠤᠨ ᠤᠬᠠᠮᠰᠠᠷᠲᠤ ᠠᠵᠢᠯᠯᠠᠭ᠎ᠠ ᠪᠣᠯᠭᠠᠵᠠᠶ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号