ᠬᠠᠰᠠᠷ ᠤᠨ ᠦᠷᠡᠰ
ᠨᠡᠶᠢᠲᠡᠯᠡᠭᠰᠡᠨ ᠴᠠᠭ᠄
2024/5/27
      ᠬᠠᠰᠠᠷ ᠤᠨ ᠦᠷᠡᠰ ᠨᠢ ᠡᠪᠦᠭᠡ ᠳᠡᠭᠡᠳᠦᠰ ᠤᠨ ᠢᠶᠠᠨ ᠦᠶ᠎ᠡ ᠤᠯᠠᠷᠢᠨ ᠨᠤᠲᠤᠭᠰᠢᠭᠰᠠᠭᠠᠷ ᠢᠷᠡᠭᠰᠡᠨ ᠬᠤᠪᠢ ᠨᠤᠲᠤᠭ ᠪᠣᠯᠬᠤ ᠮᠠᠯᠵᠢᠯ ᠤᠨ ᠨᠣᠲᠤᠭ ᠲᠤ ᠪᠠᠨ ᠠᠮᠢᠳᠤᠷᠠᠨ ᠤᠷᠤᠰᠢᠵᠤ᠂ ᠬᠦᠮᠦᠨ ᠠᠮᠠ ᠨᠢ ᠦᠷᠡᠵᠢᠵᠦ ᠤᠯᠠᠰᠢᠷᠠᠨ᠂ 1524 ᠣᠨ ᠤ ᠦᠶ᠎ᠡ ᠪᠣᠯᠬᠤ ᠳᠤ ᠭᠤᠷᠪᠠᠨ ᠲᠤᠮᠤ ᠰᠠᠯᠪᠤᠷᠢ ᠠᠶᠢᠮᠠᠭ ᠲᠤ ᠬᠤᠪᠢᠶᠠᠭᠳᠠᠨ ᠰᠠᠯᠪᠤᠷᠢᠯᠠᠭᠳᠠᠪᠠ ᠭᠡᠳᠡᠭ᠃ ᠲᠤᠬᠠᠶᠢᠯᠠᠪᠠᠯ ᠨᠤᠨ ᠬᠤᠷᠴᠢᠨ ᠠᠶᠢᠮᠠᠭ᠂ ᠠᠷᠤ ᠮᠣᠩᠭᠤᠯ ᠠᠶᠢᠮᠠᠭ᠂ ᠬᠤᠱᠤᠳ ᠠᠶᠢᠮᠠᠭ ᠪᠣᠯᠣᠨ᠎ᠠ᠃ ᠰᠡᠭᠦᠯᠡᠷ ᠨᠢ ᠡᠨᠡ ᠭᠤᠷᠪᠠᠨ ᠠᠶᠢᠮᠠᠭ ᠠᠴᠠ ᠲᠤᠰᠪᠦᠷᠢ ᠨᠤᠨ ᠬᠤᠷᠴᠢᠨ ᠠᠷᠪᠠᠨ ᠬᠤᠰᠢᠭᠤ᠂ ᠠᠷᠤ ᠮᠣᠩᠭᠤᠯ ᠠᠶᠢᠮᠠᠭ ᠵᠢᠷᠭᠤᠭᠠᠨ ᠬᠤᠰᠢᠭᠤ᠂ ᠬᠤᠱᠤᠳ ᠠᠶᠢᠮᠠᠭ ᠬᠤᠷᠢᠨ ᠵᠢᠷᠭᠤᠭᠠᠨ ᠬᠤᠰᠢᠭᠤ ᠰᠠᠯᠪᠦᠷᠢᠯᠠᠨ ᠭᠠᠷᠤᠭᠰᠠᠨ ᠪᠠᠶᠢᠨ᠎ᠠ᠃ ᠡᠭᠦᠨ ᠳᠠᠬᠢ ᠠᠷᠤ ᠮᠣᠩᠭᠤᠯ ᠠᠶᠢᠮᠠᠭ ᠤᠨ ᠵᠢᠷᠭᠤᠭᠠᠨ ᠬᠤᠰᠢᠭᠤ ᠪᠣᠯ᠄ ᠠᠷᠤ ᠬᠤᠷᠴᠢᠨ ᠬᠤᠰᠢᠭᠤ᠂ ᠤᠷᠠᠳ ᠤᠨ ᠬᠤᠶᠢᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠤᠷᠠᠳ ᠤᠨ ᠡᠮᠦᠨᠡᠲᠦ ᠬᠤᠰᠢᠭᠤ᠂ ᠳᠦᠷᠪᠡᠨ ᠬᠡᠦᠬᠡᠳ ᠤᠨ ᠬᠤᠰᠢᠭᠤ᠂ ᠮᠤᠤᠮᠢᠩᠭᠠᠨ ᠬᠤᠰᠢᠭᠤ ᠵᠡᠷᠭᠡ ᠪᠣᠯᠣᠨ᠎ᠠ᠃ ᠬᠠᠰᠠᠷ ᠪᠣᠯᠣᠨ ᠰᠡᠭᠦᠯᠡᠷᠬᠢ ᠬᠡᠳᠦᠨ ᠵᠠᠭᠤᠨ ᠵᠢᠯ ᠤᠨ ᠲᠤᠷᠰᠢᠬᠢ ᠲᠡᠬᠦᠨ ᠤ ᠦᠷᠡᠰ ᠲᠤ ᠬᠠᠷᠢᠶᠠᠯᠠᠭᠳᠠᠭᠰᠠᠨ ᠣᠪᠣᠭ ᠠᠶᠢᠮᠠᠭ ︵ᠬᠤᠰᠢᠭᠤ︶ ᠤᠳᠤᠬᠠᠨ ᠳᠤ ᠪᠠᠨ ᠳᠤᠮᠳᠠᠳᠤ ᠤᠯᠤᠰ ᠲᠠᠬᠢ ᠮᠤᠩᠭᠤᠯ ᠦᠨᠳᠦᠰᠦᠲᠡᠨ ᠤ ᠪᠦᠬᠦ ᠬᠦᠮᠦᠨ ᠠᠮᠠ ᠶᠢᠨ ᠭᠤᠷᠪᠠᠨ ᠤ ᠬᠤᠶᠠᠷ ᠬᠤᠪᠢ ᠶᠢ ᠡᠵᠡᠯᠡᠵᠦ᠂ ᠬᠤᠷᠴᠢᠨ᠂ ᠵᠠᠯᠠᠶᠢᠳ᠂ ᠳᠦᠷᠪᠡᠳ᠂ ᠭᠤᠷᠯᠤᠰ᠂ ᠤᠷᠠᠳ᠂ ᠮᠤᠤᠮᠢᠩᠭᠠᠨ᠂ ᠳᠦᠷᠪᠡᠨ ᠬᠡᠦᠬᠡᠳ᠂ ᠬᠤᠱᠤᠳ᠂ ᠠᠷᠤ ᠬᠤᠷᠴᠢᠨ ᠵᠡᠷᠭᠡ ᠪᠣᠯ ᠬᠠᠰᠠᠷ ᠤᠨ ᠦᠷᠡᠰ ᠤᠨ ᠭᠡᠷ ᠲᠦᠷᠦᠯ ᠤᠨ ᠨᠣᠶᠠᠷᠬᠠᠯ ᠪᠠ ᠡᠵᠡᠮᠰᠢᠯ ᠳᠣᠣᠷᠠᠬᠢ ᠲᠤᠮᠤ ︽ᠠᠶᠢᠮᠠᠭ︾ ᠤᠳ ᠪᠣᠯᠣᠨ᠎ᠠ᠃
 
ᠢᠷᠡᠯᠲᠡ᠄ ᠳᠦᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号