ᠮᠠᠨ ᠤ ᠬᠤᠰᠢᠭᠤᠨ ᠤ ︽ᠮᠢᠩᠭᠠᠨ ᠭᠠᠵᠠᠷ ᠤᠨ ᠬᠢᠯᠢ — ᠳᠥᠷᠪᠡᠨ ᠴᠠᠭ ᠤᠨ ᠦᠵᠦᠮᠦᠴᠢᠨ︾ ᠠᠳᠤᠭᠤᠨ ᠰᠣᠶᠣᠯ ᠤᠨ ᠰᠢᠷᠢᠰ ᠠᠵᠢᠯᠯᠠᠭ᠎ᠠ  ᠡᠬᠢᠯᠡᠯ᠎ᠡ
ᠨᠡᠶᠢᠲᠡᠯᠡᠭᠰᠡᠨ ᠴᠠᠭ᠄
2024/5/29
      ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠮᠠᠨ ᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠠᠯᠲᠠᠨᠬᠢᠯᠢ ᠰᠤᠮᠤᠨ ᠤ ᠪᠠᠶᠠᠨᠬᠠᠩᠭᠠᠢ ᠭᠠᠴᠠᠭᠠᠨ ᠳᠤ ᠠᠳᠤᠭᠤᠨ ᠰᠣᠶᠣᠯ ᠤᠨ ᠤᠨᠴᠠᠯᠢᠬᠳᠤ ᠰᠢᠷᠢᠰ ᠠᠵᠢᠯᠯᠠᠭ᠎ᠠ — ᠠᠵᠢᠷᠭ᠎ᠠ ᠤᠷᠭᠠᠯᠠᠵᠤ᠂ ᠳᠠᠭ᠎ᠠ ᠲᠠᠮᠠᠭᠠᠯᠠᠬᠤ ᠠᠵᠢᠯᠯᠠᠭ᠎ᠠ ᠥᠷᠨᠢᠭᠦᠯᠪᠡ᠃ ᠡᠨᠡ ᠨᠢ ᠮᠠᠨ ᠤ ᠬᠤᠰᠢᠭᠤᠨ ᠤ 2024 ᠣᠨ ᠤ ︽ᠮᠢᠩᠭᠠᠨ ᠭᠠᠵᠠᠷ ᠤᠨ ᠬᠢᠯᠢ — ᠳᠥᠷᠪᠡᠨ ᠴᠠᠭ ᠤᠨ ᠦᠵᠦᠮᠦᠴᠢᠨ︾ ᠠᠳᠤᠭᠤᠨ ᠰᠣᠶᠣᠯ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠭ᠎ᠠ ᠶᠤᠮ᠃ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ᠂ ᠠᠳᠤᠭᠤᠨ ᠰᠣᠶᠣᠯ ᠤᠨ ᠨᠡᠶᠢᠭᠡᠮᠯᠢᠭ ᠤᠨ 50 ᠰᠢᠬᠠᠮ ᠬᠥᠮᠦᠨ ᠠᠵᠢᠯᠯᠠᠭ᠎ᠠ ᠳᠤ ᠣᠷᠣᠯᠴᠠᠪᠠ  ᠃      ᠠᠵᠢᠷᠭ᠎ᠠ ᠤᠷᠭᠠᠯᠠᠵᠤ᠂ ᠳᠠᠭ᠎ᠠ ᠲᠠᠮᠠᠭᠠᠯᠠᠬᠤ ᠪᠣᠯ ᠲᠠᠯ᠎ᠠ ᠨᠤᠲᠤᠭ ᠤᠨ ᠠᠷᠠᠳ ᠲᠦᠮᠡᠨ ᠤ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠨᠢᠭᠡ ᠪᠣᠯᠤᠨ᠎ᠠ᠃ ᠡᠨᠡ ᠦᠶ᠎ᠡ ᠪᠠᠷ ᠮᠠᠯᠴᠢᠳ ᠠᠶᠢᠯ ᠰᠠᠭᠠᠬᠠᠯᠲᠠ ᠪᠠᠷ ᠢᠶᠠᠨ ᠬᠤᠷᠠᠨ ᠴᠤᠭᠯᠠᠵᠤ ᠠᠳᠤᠭᠤ ᠪᠠᠨ ᠳᠡᠯᠯᠡᠨ᠂ ᠳᠠᠭ᠎ᠠ ᠪᠠᠨ ᠲᠠᠮᠠᠭᠠᠯᠠᠵᠤ᠂ ᠠᠵᠢᠷᠭ᠎ᠠ ᠰᠢᠷᠭᠤᠭᠤᠯᠤᠨ ᠪᠢᠷ᠎ᠡ ᠲᠡᠩᠬᠡᠭᠡ ᠤᠷ᠎ᠠ ᠤᠬᠠᠭᠠᠨ ᠢᠶᠠᠨ ᠰᠢᠯᠭᠠᠳᠠᠭ ᠠᠴᠠ ᠠᠭᠠᠵᠢᠮ ᠢᠶᠠᠷ ᠥᠪᠡᠷᠮᠢᠴᠡ ᠣᠨᠴᠠᠯᠢᠭ  ᠲᠠᠢ ᠠᠳᠤᠭᠤᠨ ᠰᠣᠶᠣᠯ ᠤᠨ ᠠᠵᠢᠯᠯᠠᠭ᠎ᠠ ᠪᠣᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠮᠠᠨ ᠤ ᠬᠤᠰᠢᠭᠤ ᠡᠯᠪᠡᠭ ᠪᠠᠶᠠᠯᠢᠭ ᠠᠳᠤᠭᠤᠨ ᠰᠣᠶᠣᠯ  ᠤᠨ ᠡᠬᠢ ᠪᠠᠶᠠᠯᠢᠭ ᠪᠠ ᠠᠳᠤᠭᠤᠨ ᠤ ᠠᠵᠤ ᠦᠶᠯᠡᠰ ᠤᠨ ᠪᠠᠲᠤ ᠪᠠᠬᠢ ᠰᠠᠭᠤᠷᠢ ᠳᠤ ᠰᠠᠭᠤᠷᠢᠯᠠᠨ᠂         ︽ᠵᠢᠭᠤᠯᠴᠢᠯᠠᠯ + ᠠᠳᠤᠭᠤᠨ ᠤ ᠠᠵᠤ ᠦᠶᠯᠡᠰ︾ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨᠴᠢ ᠴᠢᠨᠠᠷᠲᠠᠶ ᠠᠳᠤᠭᠤ ᠪᠠᠷ ᠭᠤᠣᠯ ᠰᠡᠳᠦᠪ ᠪᠣᠯᠭᠠᠭᠰᠠᠨ ᠤᠷᠤᠯᠳᠤᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠳᠤᠭᠤᠨ ᠤ ᠠᠵᠤ ᠦᠶᠯᠡᠰ ᠵᠢᠴᠢ ᠠᠳᠤᠭᠤ ᠪᠠᠷ ᠭᠤᠣᠯ ᠰᠡᠳᠦᠪ ᠪᠣᠯᠭᠠᠭᠰᠠᠨ ᠵᠢᠭᠤᠯᠴᠢᠯᠠᠯ  ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠪᠦᠲᠦᠮᠵᠢᠲᠡᠶ ᠠᠬᠢᠭᠤᠯᠵᠤ᠂ ᠪᠥᠬᠦ ᠬᠤᠰᠢᠭᠤᠨ ᠤ ᠠᠳᠤᠭᠤᠨ ᠤ ᠠᠵᠤ ᠦᠶᠯᠡᠰ ᠢ ᠠᠯᠬᠤᠮ ᠠᠯᠬᠤᠮ ᠢᠶᠠᠷ ᠲᠦᠷᠭᠡᠳᠬᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号