ᠵᠡᠭᠦᠨ ᠦᠵᠦᠮᠦᠴᠢᠨ ᠬᠤᠰᠢᠭᠤᠨ ᠤ ᠰᠢᠨ᠎ᠡ ᠮᠠᠶ᠋ᠢᠭ ᠤᠨ ᠦᠨᠳᠦᠰᠦᠲᠡᠨ ᠤ ᠬᠤᠪᠴᠠᠰᠤ ᠵᠠᠰᠠᠯ ᠤᠨ ᠵᠢᠷᠤᠭᠯᠠᠨ ᠲᠦᠰᠦᠪᠯᠡᠬᠦ᠂ ᠡᠰᠬᠡᠬᠦ ᠵᠢᠴᠢ ᠤᠷᠠᠯᠠᠨ ᠤᠶᠤᠬᠤ ᠠᠷᠭ᠎ᠠ ᠮᠡᠷᠭᠡᠵᠢᠯ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/5/29
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠵᠢᠴᠢ ᠠᠮᠢᠳᠤᠯᠢᠭ ᠢᠶᠠᠷ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠤᠯᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠰᠢᠨ᠎ᠡ ᠮᠠᠶ᠋ᠢᠭ ᠤᠨ ᠦᠨᠳᠦᠰᠦᠲᠡᠨ ᠤ ᠬᠤᠪᠴᠠᠰᠤ ᠵᠠᠰᠠᠯ ᠤᠨ ᠵᠢᠷᠤᠭᠯᠠᠨ ᠲᠦᠰᠦᠪᠯᠡᠬᠦ᠂ ᠡᠰᠬᠡᠬᠦ ᠵᠢᠴᠢ ᠤᠷᠠᠯᠠᠨ ᠤᠶᠤᠬᠤ ᠠᠷᠭ᠎ᠠ ᠮᠡᠷᠭᠡᠵᠢᠯ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ 4 ᠰᠠᠷ᠎ᠠ ᠶᠢᠨ 24 ᠤ ᠡᠳᠦᠷ ᠬᠢᠴᠢᠶᠡᠯ ᠡᠬᠢᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠭᠤᠸᠠᠩᠳᠦ᠋ᠩ ᠤᠨ ᠰᠢᠨ᠎ᠡ ᠮᠠᠶ᠋ᠢᠭ ᠤᠨ ᠬᠤᠪᠴᠠᠰᠤ ᠵᠠᠰᠠᠯ  ᠤᠨ ᠭᠠᠷᠠᠭ ᠤᠨ ᠦᠨᠳᠦᠰᠦᠲᠡᠨ ᠤ ᠬᠤᠪᠴᠠᠰᠤ ᠵᠠᠰᠠᠯ ᠤᠨ ᠰᠢᠨ᠎ᠡ ᠶᠢ ᠡᠭᠦᠳᠬᠦ ᠵᠢᠷᠤᠭ ᠲᠥᠯᠥᠪᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠤᠪᠴᠠᠰᠤ ᠵᠠᠰᠠᠯ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠤᠪᠴᠠᠰᠤ ᠵᠠᠰᠠᠯ ᠤᠨ ᠨᠢᠭᠡᠳᠦᠭᠡᠷ ᠳᠡᠰ ᠤᠨ ᠵᠢᠷᠤᠭ ᠲᠥᠯᠥᠪᠯᠡᠭᠴᠢ᠂ ᠰᠢᠯᠢ ᠶᠢᠨ ᠭᠤᠤᠯ ᠠᠶᠢᠮᠠᠭ ᠤᠨ ︽ᠮᠤᠩᠭᠤᠯᠵᠢᠨ ᠭᠤᠸ᠎ᠠ ᠦᠨᠳᠦᠰᠦᠲᠡᠨ ᠤ ᠬᠤᠪᠴᠠᠰᠤ ᠵᠠᠰᠠᠯ︾ ᠤᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ᠂ ᠶᠡᠷᠦᠩᠬᠡᠶ ᠳᠠᠭᠠᠭᠠᠮᠠᠯ ᠪᠤᠯᠠᠭ ᠪᠠᠭᠰᠢ ᠶᠢ ᠤᠷᠢᠵᠤ 7 ᠡᠳᠦᠷ ᠤᠨ ᠬᠤᠭᠤᠴᠠᠭ᠎ᠠ ᠲᠠᠢ ᠲᠤᠬᠠᠶ ᠶᠢᠨ ᠲᠠᠯᠠᠪᠠᠶ ᠶᠢᠨ ᠬᠢᠴᠢᠶᠡᠯ ᠣᠷᠤᠭᠤᠯᠬᠤ ᠪᠣᠯᠤᠨ᠎ᠠ᠃      ᠪᠤᠯᠠᠭ ᠪᠠᠭᠰᠢ ᠬᠢᠴᠢᠶᠡᠯ ᠶᠠᠷᠢᠬᠤ ᠨᠢ ᠠᠮᠢᠳᠤᠯᠢᠭ᠂ ᠬᠡᠯᠪᠡᠷᠢ ᠨᠢ ᠰᠢᠨ᠎ᠡ ᠰᠣᠷᠭᠤᠭ ᠪᠠᠶᠢᠵᠤ᠂ ᠦᠢᠯᠡᠳᠦᠯᠭᠡ  ᠪᠠᠷ ᠭᠤᠣᠯ ᠪᠣᠯᠭᠠᠨ᠂ ᠤᠨᠤᠯ ᠤᠨ ᠰᠤᠷᠤᠯᠴᠠᠯᠭ᠎ᠠ ᠪᠠᠷ ᠬᠠᠪᠰᠤᠷᠤᠮᠵᠢ ᠪᠣᠯᠭᠠᠭᠰᠠᠨ ᠵᠢᠭᠠᠨ ᠰᠤᠷᠭᠠᠬᠤ ᠬᠡᠪ ᠵᠠᠭᠪᠤᠷ  ᠢ ᠬᠡᠷᠡᠭᠯᠡᠵᠦ᠂ ᠰᠤᠷᠤᠭᠴᠢᠳ ᠲᠤ  ︽ᠰᠢᠨ᠎ᠡ ᠮᠠᠶ᠋ᠢᠭ ᠤᠨ ᠦᠨᠳᠦᠰᠦᠲᠡᠨ ᠤ ᠬᠤᠪᠴᠠᠰᠤ ᠵᠠᠰᠠᠯ ᠦᠢᠯᠡᠳᠬᠦ ᠶᠠᠪᠤᠴᠠ ᠪᠠ ᠠᠷᠭ᠎ᠠ︾᠂  ︽ᠦᠨᠳᠦᠰᠦᠲᠡᠨ ᠤ ᠬᠤᠪᠴᠠᠰᠤ ᠵᠠᠰᠠᠯ ᠤᠨ ᠮᠠᠲ᠋ᠧᠷᠢᠶᠠᠯ ᠰᠣᠩᠭᠤᠬᠤ ᠪᠠ ᠵᠷᠤᠵᠤ ᠲᠥᠯᠥᠪᠯᠡᠬᠦ︾᠂ ︽ᠬᠤᠪᠴᠠᠰᠤ ᠵᠠᠰᠠᠯ ᠤᠨ ᠦᠡᠭᠭᠡ ᠪᠤᠳᠤᠭ ᠢ ᠬᠡᠷᠡᠭᠯᠡᠬᠦ ᠪᠠ ᠲᠤᠬᠢᠷᠠᠭᠤᠯᠬᠤ︾᠂ ︽ᠣᠶᠣᠵᠤ ᠡᠰᠬᠡᠬᠦ ᠪᠣᠳᠠᠲᠤ ᠠᠵᠢᠯᠯᠠᠭ᠎ᠠ︾ ᠵᠡᠷᠭᠡ ᠠᠭᠤᠯᠭ᠎ᠠ ᠪᠠᠷ ᠪᠠᠶᠠᠯᠢᠭ ᠬᠢᠴᠢᠶᠡᠯ ᠤᠷᠤᠵᠤ᠂ ᠰᠤᠷᠤᠭᠴᠢᠳ ᠲᠤ ᠮᠡᠳᠡᠯᠭᠡ ᠪᠠ ᠤᠷ᠎ᠠ ᠴᠢᠳᠠᠪᠤᠷᠢ ᠶᠢ ᠰᠢᠰᠲ᠋ᠧᠮ ᠲᠠᠢ ᠡᠵᠡᠮᠰᠢᠭᠦᠯᠬᠦ ᠪᠤᠯᠤᠨ᠎ᠠ  ᠃      ᠲᠣᠰ ᠤᠳᠠᠭᠠᠨ ᠤ ᠪᠣᠯᠪᠠᠰᠤᠷᠠᠯ ᠨᠢ  ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠤᠪᠴᠠᠰᠤ ᠵᠠᠰᠠᠯ ᠦᠶᠯᠡᠳᠬᠦ ᠠᠵᠢᠯ ᠲᠥᠷᠥᠯ ᠤᠨ ᠡᠮᠡᠭᠲᠡᠶᠢᠴᠦᠳ ᠲᠤ ᠰᠤᠷᠤᠯᠴᠠᠬᠤ᠂ ᠰᠣᠯᠢᠯᠴᠠᠬᠤ᠂ ᠬᠠᠷᠢᠯᠴᠠᠨ ᠦᠶᠯᠡᠳᠦᠯᠴᠡᠬᠦ ᠲᠠᠪᠴᠠᠩ ᠬᠠᠩᠭᠠᠵᠤ᠂ ᠲᠡᠳᠡᠨ ᠤ ᠤᠷ᠎ᠠ ᠮᠡᠷᠭᠡᠵᠢᠯ ᠰᠤᠷᠤᠯᠴᠠᠬᠤ ᠤᠷᠮ᠎ᠠ ᠰᠡᠳᠬᠢᠯᠭᠡ ᠪᠠ ᠡᠷᠴᠢ ᠵᠣᠷᠢᠭ ᠢ ᠭᠦᠶᠴᠡᠳ ᠬᠥᠭᠵᠢᠭᠡᠪᠡ  ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号