2024 ᠣᠨ ᠤ ᠪᠥᠬᠦ ᠠᠶᠢᠮᠠᠭ ᠤᠨ ᠰᠣᠶᠣᠯ ᠤᠨ ᠣᠷᠳᠣᠨ ᠤ ᠠᠵᠢᠯ ᠤᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠡᠭᠦᠨ ᠦᠵᠦᠮᠦᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/29
      ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠪᠦᠬᠦ ᠠᠶᠢᠮᠠᠭ ᠤᠨ ᠰᠣᠶᠣᠯ ᠤᠨ ᠣᠷᠳᠣᠨ ᠤ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ ᠠᠶᠢᠮᠠᠭ  ᠤᠨ ᠣᠯᠠᠨ ᠲᠦᠮᠡᠨ ᠤ ᠰᠣᠶᠣᠯ ᠤᠨ ᠠᠵᠢᠯ ᠪᠠ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶᠂ ᠵᠡᠭᠦᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ᠪᠥᠬᠦ ᠠᠶᠢᠮᠠᠭ ᠤᠨ ᠰᠣᠶᠣᠯ ᠤᠨ ᠣᠷᠳᠣᠨ ᠤ ᠠᠵᠢᠯ ᠤᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ 4 ᠰᠠᠷ᠎ᠠ ᠶᠢᠨ 23 ᠤ ᠡᠳᠦᠷ ᠠᠴᠠ 25 ᠤ ᠡᠳᠦᠷ ᠪᠤᠯᠲᠠᠯ᠎ᠠ ᠵᠡᠭᠦᠨ ᠦᠵᠦᠮᠦᠴᠢᠨ ᠬᠤᠰᠢᠭᠤᠨ ᠳᠤ ᠶᠠᠪᠤᠭᠳᠠᠪᠠ᠃      ᠬᠤᠷᠠᠯ ᠠᠴᠠ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠣᠶᠣᠯ ᠤᠨ ᠣᠷᠳᠣᠨ ᠤ 2023 ᠣᠨ ᠤ ᠬᠢᠯᠠᠰ ᠴᠡᠭ ᠤᠨ ᠠᠵᠢᠯ ᠵᠢᠴᠢ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠬᠠᠮᠲᠤ ᠪᠠᠷ ᠰᠤᠨᠤᠰᠴᠤ᠂ ︽ᠰᠢᠨ᠎ᠡ ᠴᠠᠭ ᠦᠶ᠎ᠡ ᠶᠢᠨ ᠮᠠᠨ ᠤ ᠣᠷᠣᠨ ᠤ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠠᠵᠢᠯ ᠢ ᠥᠷᠨᠢᠭᠦᠯᠬᠦ ᠪᠠ ᠰᠡᠳᠬᠢᠬᠦ︾᠂ ︽ᠲᠣᠭᠠᠴᠢᠯᠠᠭᠰᠠᠨ ᠰᠣᠶᠣᠯ ᠤᠨ ᠣᠷᠳᠣᠨ + ᠲᠣᠭᠠᠴᠢᠯᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠤ ᠪᠥᠲᠥᠭᠡᠨ ᠪᠠᠶᠢᠭᠤᠯᠤᠯᠲᠠ︾ ᠵᠡᠷᠭᠡ ᠠᠭᠤᠯᠭ᠎ᠠ ᠶᠢᠨ ᠲᠤᠬᠠᠶ ᠬᠤᠷᠠᠯ ᠳᠤ ᠣᠷᠣᠯᠴᠠᠭᠰᠠᠳ ᠲᠤ ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠵᠡᠢ᠃      ᠡᠨᠡᠬᠦ ᠬᠤᠭᠤᠴᠠᠭᠠᠨ ᠳᠤ᠂ ᠬᠤᠷᠠᠯ ᠳᠤ ᠣᠷᠤᠯᠴᠠᠭᠰᠠᠳ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠣᠯᠠᠨ ᠲᠦᠮᠡᠨᠴᠢ ᠰᠣᠶᠣᠯ ᠤᠨ ᠲᠤᠰᠬᠠᠶ ᠲᠣᠭᠯᠠᠯᠲᠠ ᠶᠢ ᠬᠠᠮᠲᠤ ᠪᠠᠷ ᠰᠣᠨᠢᠷᠬᠠᠵᠤ᠂ ᠦᠵᠦᠮᠦᠴᠢᠨ ᠮᠦᠽᠧᠶ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ ︵ᠤᠬᠠᠭᠤᠯᠭ᠎ᠠ ᠦᠵᠡᠭᠦᠯᠭᠡ︶᠂ ᠨᠠᠷᠠᠲᠤ ᠬᠥᠮᠦᠰ ᠤᠨ ᠠᠵᠢᠯᠯᠠᠬᠤ ᠦᠷᠦᠭᠡ᠂ ᠤᠯᠠᠭᠠᠨᠮᠥ᠋ᠴᠢᠷ᠂ ᠮᠣᠩᠭᠤᠯ ᠡᠮ ᠡᠮᠨᠡᠯᠭᠡ ᠶᠢᠨ ᠨᠣᠮᠣᠬᠠᠳᠬᠠᠬᠤ ᠶᠢ ᠤᠯᠠᠮᠵᠢᠯᠠᠨ ᠰᠤᠷᠭᠠᠬᠤ ᠭᠠᠵᠠᠷ ᠵᠡᠷᠭᠡ ᠢᠶᠠᠷ ᠲᠣᠭᠤᠷᠢᠨ ᠦᠵᠡᠵᠦ ᠣᠯᠠᠨ ᠨᠡᠶᠢᠲᠡ ᠶᠢᠨ ᠰᠣᠶᠣᠯ  ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃      ᠲᠣᠰ ᠤᠳᠠᠭᠠᠨ ᠤ ᠬᠤᠷᠠᠯ ᠢ ᠠᠮᠵᠢᠯᠲᠠ ᠲᠠᠢ ᠬᠤᠷᠠᠯᠳᠤᠭᠤᠯᠤᠭᠰᠠᠨ ᠨᠢ ᠵᠡᠭᠦᠨ ᠦᠵᠦᠮᠦᠴᠢᠨ ᠬᠤᠰᠢᠭᠤ ᠬᠢᠭᠡᠳ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠣᠶᠣᠯ ᠤᠨ ᠣᠷᠳᠣᠨ ᠤ ᠬᠤᠭᠤᠷᠣᠨᠳᠣ ᠬᠠᠷᠢᠯᠴᠠᠨ ᠰᠤᠷᠤᠯᠴᠠᠬᠤ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠨ᠂ ᠰᠣᠶᠣᠯ ᠤᠨ ᠣᠷᠳᠣᠨ  ᠤ ᠡᠭᠦᠷᠭᠡ ᠴᠢᠳᠠᠪᠬᠢ ᠶᠢ ᠭᠦᠶᠴᠡᠳ ᠪᠠᠳᠠᠷᠠᠭᠤᠯᠵᠤ᠂ ᠠᠵᠢᠯ ᠦᠶᠯᠡᠰ ᠤᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠰᠣᠶᠣᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠬᠢᠭᠡᠳ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠬᠠᠩᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号