ᠭᠠᠬᠢᠯ ᠰᠤᠮᠤ 2024 ᠣᠨ ᠤ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢ ᠰᠢᠯᠭᠠᠨ ᠪᠠᠶᠢᠴᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/29
      ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠪᠥᠬᠦ ᠰᠤᠮᠤᠨ ᠤ ᠵᠡᠪᠰᠡᠭᠲᠦ ᠬᠦᠴᠦᠨ ᠤ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ        ᠲᠥᠯᠥᠭᠡ᠂ ᠵᠡᠪᠰᠡᠭᠲᠦ ᠬᠦᠴᠦᠨ ᠤ ᠬᠡᠯᠲᠡᠰ ᠤᠨ ᠣᠨ ᠤ ᠠᠵᠢᠯ ᠤᠨ ᠲᠥᠯᠥᠪᠯᠡᠭᠡ ᠶᠣᠰᠣᠭᠠᠷ᠂ 5 ᠰᠠᠷ᠎ᠠ ᠶᠢᠨ 10 ᠤ ᠡᠳᠦᠷ᠂  ᠭᠠᠬᠢᠯ ᠰᠤᠮᠤ 2024 ᠣᠨ ᠤ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢ ᠰᠢᠯᠭᠠᠨ ᠪᠠᠶᠢᠴᠠᠭᠠᠬᠤ ᠶᠡᠭᠡ ᠬᠤᠷᠠᠯ ᠢ ᠬᠤᠷᠠᠯᠳᠤᠭᠤᠯᠪᠠ᠃ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠰᠢᠯᠭᠠᠨ ᠪᠠᠶᠢᠴᠠᠭᠠᠬᠤ ᠶᠡᠭᠡ ᠬᠤᠷᠠᠯ ᠳᠤ ᠤᠷᠤᠯᠴᠠᠵᠠᠢ᠃      ᠰᠢᠯᠭᠠᠨ ᠪᠠᠶᠢᠴᠠᠭᠠᠬᠤ ᠶᠡᠭᠡ ᠬᠤᠷᠠᠯ ᠰᠦᠷ ᠵᠢᠪᠬᠤᠯᠠᠩᠲᠠᠢ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ︾ ᠶᠢᠨ ᠳᠤᠮᠳᠠ ᠡᠬᠢᠯᠡᠵᠦ᠂ ᠪᠦᠬᠦ ᠡᠷᠦᠬᠡ ᠶᠢᠨ ᠴᠡᠷᠢᠭ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠰᠢᠯᠭᠠᠨ ᠪᠠᠶᠢᠴᠠᠭᠠᠯᠲᠠ ᠶᠢ ᠬᠦᠯᠢᠶᠡᠪᠡ᠃ ᠬᠤᠷᠠᠯ ᠳᠤ᠂ ᠡᠷᠦᠭᠡ ᠶᠢᠨ ᠴᠡᠷᠢᠭ ᠤᠨ ᠭᠤᠣᠯᠯᠠᠭᠴᠢ ᠬᠦᠴᠦᠨ ᠤ ᠲᠤᠰᠢᠶᠠᠯ ᠡᠭᠦᠷᠭᠡᠯᠡᠬᠦ ᠵᠠᠷᠯᠢᠭ᠂ ᠰᠢᠨ᠎ᠡ ᠪᠠᠷ ᠣᠷᠣᠵᠤ ᠬᠠᠯᠠᠭᠳᠠᠭᠰᠠᠨ ᠬᠥᠮᠥᠰ ᠤᠨ ᠨᠡᠷᠡᠰ ᠢ ᠤᠩᠰᠢᠨ ᠨᠡᠶᠢᠲᠡᠯᠡᠭᠰᠡᠨ ᠪᠥᠭᠡᠳ ᠵᠣᠬᠢᠶᠠᠨ ᠪᠠᠶᠢᠭᠤᠯᠤᠨ ᠨᠡᠷ᠎ᠡ ᠳᠤᠷᠠᠳᠴᠤ᠂ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ ᠡᠷᠦᠭᠡ ᠶᠢᠨ ᠴᠡᠷᠢᠭ ᠲᠠᠩᠭᠠᠷᠢᠭᠯᠠᠵᠤ᠂ ᠴᠡᠷᠢᠭ ᠠᠩᠭᠢ ᠳᠤ ᠰᠢᠨ᠎ᠡ ᠪᠠᠷ ᠣᠷᠣᠭᠰᠠᠨ ᠡᠷᠦᠭᠡ ᠶᠢᠨ ᠴᠡᠷᠢᠭ ᠶᠠᠷᠢᠶ᠎ᠠ ᠲᠠᠯᠪᠢᠬᠤ ᠶᠢᠨ ᠬᠠᠮᠲᠤ ᠣᠨ ᠤ ᠡᠷᠦᠭᠡ ᠶᠢᠨ ᠴᠡᠷᠢᠭ ᠤᠨ ᠠᠵᠢᠯ ᠢ ᠳ᠋ᠦᠩᠨᠡᠨ ᠪᠠᠶᠢᠷᠢᠯᠠᠭᠤᠯᠵᠤ᠂ ᠭᠠᠬᠢᠯ ᠰᠣᠮᠣᠨ ᠤ ᠡᠷᠦᠭᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠳᠤ ᠪᠦᠬᠦ ᠲᠠᠯ᠎ᠠ ᠶᠢᠨ ᠰᠢᠯᠭᠠᠨ ᠪᠠᠶᠢᠴᠠᠭᠠᠯᠲᠠ ᠬᠢᠵᠡᠢ᠃      ᠴᠧᠨ ᠽᠠᠢ ᠯᠢᠨ ᠭᠠᠬᠢᠯ ᠰᠣᠮᠣᠨ ᠤ ᠵᠡᠪᠰᠡᠭᠲᠦ ᠬᠦᠴᠦᠨ ᠤ ᠠᠵᠢᠯ ᠢ ᠨᠤᠲᠠᠯᠠᠬᠤ ᠶᠢᠨ ᠬᠠᠮᠲᠤ ᠱᠠᠭᠠᠷᠳᠠᠯᠭ᠎ᠠ ᠳᠤᠷᠠᠳᠴᠠᠢ᠄ ᠥᠷᠭᠡᠨ ᠤᠯᠠᠨ ᠡᠷᠦᠭᠡ ᠶᠢᠨ ᠴᠡᠷᠢᠭ ᠡᠨᠡ ᠤᠳᠠᠭ᠎ᠠ ᠶᠢᠨ ᠵᠤᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢ ᠰᠢᠯᠭᠠᠨ ᠪᠠᠶᠢᠴᠠᠭᠠᠬᠤ ᠠᠵᠢᠯᠯᠠᠭ᠎ᠠ ᠳᠤ ᠨᠠᠷᠢᠨ ᠬᠢᠨᠠᠮᠠᠭᠠᠢ ᠬᠠᠨᠳᠤᠬᠤ ᠪᠥᠭᠡᠳ ᠰᠠᠶᠢᠲᠤᠷ ᠬᠢᠵᠦ᠂ ᠡᠯ᠎ᠡ ᠵᠦᠢᠯ ᠤᠨ ᠲᠠᠶᠢᠨ ᠤ ᠪᠡᠯᠡᠳᠬᠡᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠪᠦᠬᠦ ᠰᠤᠮᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ ᠶᠢᠨ ᠲᠣᠭᠤᠷᠢᠨ ᠳᠤ ᠲᠦᠷᠦᠭᠦᠯᠡᠨ ᠠᠵᠤ ᠦᠢᠯᠡᠰ ᠢ ᠬᠥᠭᠵᠢᠭᠦᠯᠵᠦ᠂ ᠤᠯᠠᠨ ᠲᠦᠮᠡᠨ ᠢ ᠪᠠᠶᠠᠵᠢᠭᠤᠯᠤᠨ ᠴᠢᠨᠡᠭᠡᠯᠢᠭᠵᠢᠭᠦᠯᠬᠦ ᠰᠠᠶᠢᠨ ᠳᠠᠭᠠᠭᠤᠯᠤᠭᠴᠢ ᠪᠣᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠭᠠᠬᠢᠯ ᠰᠣᠮᠣᠨ ᠤ ᠨᠡᠶᠢᠭᠡᠮ ᠤᠨ ᠪᠠᠶᠢᠳᠠᠯ ᠪᠠ ᠭᠠᠵᠠᠷ ᠤᠨ ᠪᠠᠶᠢᠴᠠ ᠶᠢ ᠰᠠᠶᠢᠨ ᠮᠡᠳᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠰᠤᠮᠤᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠬᠤ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠴᠠᠭᠠᠷᠠᠭᠰᠠᠨ ᠲᠤᠰᠬᠠᠢ ᠮᠡᠷᠭᠡᠵᠢᠯ ᠤᠨ ᠴᠢᠳᠠᠪᠤᠷᠢ ᠶᠢ ᠪᠣᠯᠪᠠᠰᠤᠷᠠᠭᠤᠯᠵᠤ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠠᠷᠭᠠᠴᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠪᠠᠴᠢᠮ ᠬᠦᠨᠳᠦ ᠡᠭᠦᠷᠭᠡ ᠶᠢ ᠭᠦᠢᠴᠡᠳᠬᠡᠬᠦ ᠵᠠᠩᠭᠢᠯᠠᠭ᠎ᠠ ᠶᠢᠨ ᠦᠶ᠎ᠡ ᠳᠤ ᠢᠳᠡᠪᠬᠢ ᠦᠢᠯᠡᠳᠦᠯ ᠦᠵᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠲᠣᠰ ᠤᠳᠠᠭᠠᠨ ᠤ ᠰᠢᠯᠭᠠᠨ ᠪᠠᠶᠢᠴᠠᠭᠠᠬᠤ ᠶᠡᠭᠡ ᠬᠤᠷᠠᠯ ᠨᠢ ᠭᠠᠬᠢᠯ ᠰᠣᠮᠣᠨ ᠤ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠵᠤ᠂ ᠪᠥᠬᠦ ᠰᠣᠮᠣᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠲᠤᠰ ᠤᠳᠠᠭ᠎ᠠ ᠶᠢᠨ ᠰᠢᠯᠭᠠᠨ ᠪᠠᠶᠢᠴᠠᠭᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠷᠦᠬᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠷᠦᠬᠡ ᠶᠢᠨ ᠴᠡᠷᠢᠭ ᠤᠨ ᠶᠡᠷᠦᠩᠬᠡᠢ ᠬᠡᠪ ᠴᠢᠨᠠᠷ ᠪᠣᠯᠣᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠭᠠᠬᠢᠯ ᠰᠣᠮᠣᠨ ᠤ ᠡᠷᠦᠬᠡ ᠶᠢᠨ ᠴᠡᠷᠢᠭ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号