ᠭᠠᠬᠢᠯ ᠰᠤᠮᠤ ᠨᠢ ᠰᠤᠮᠤ ᠭᠠᠴᠠᠭ᠎ᠠ ︵ᠨᠡᠶᠢᠭᠡᠮ ᠲᠣᠭᠤᠷᠢᠭ︶ ᠶᠢᠨ  ᠺᠠᠳ᠋ᠷᠴᠤᠳ ᠢᠶᠠᠨ ᠵᠣᠬᠢᠶᠠᠨ ᠪᠠᠶᠢᠭᠤᠯᠵᠤ  ᠴᠢᠭᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠲᠤ ᠲᠤᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2024/5/29
      ᠨᠠᠮ ᠤᠨ ᠰᠤᠷᠲᠠᠯ  ᠪᠠ  ᠴᠢᠭᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠤᠬᠠᠮᠰᠠᠷ ᠢ ᠴᠢᠩᠭᠠᠳᠬᠠᠨ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠰᠤᠷᠲᠠᠯ ᠴᠢᠬᠡᠴᠢ᠂ ᠣᠪᠣᠷ ᠲᠥᠪ᠂ ᠥᠭᠡᠳᠡᠯᠡᠨ ᠳᠠᠪᠰᠢᠬᠤ ᠤᠯᠤᠰ ᠲᠥᠷᠥ ᠶᠢᠨ ᠠᠮᠢ ᠠᠬᠤᠢ ᠶᠢ ᠪᠣᠶ ᠪᠣᠯᠭᠠᠬᠤ ᠶᠢᠨ  ᠲᠤᠰᠠᠳᠠ᠂ 3 ᠰᠠᠷ᠎ᠠ ᠶᠢᠨ 24 ᠤ ᠡᠳᠦᠷ᠂ ᠵᠡᠭᠦᠨ ᠦᠵᠦᠮᠦᠴᠢᠨ ᠬᠤᠰᠢᠭᠤᠨ ᠤ  ᠭᠠᠬᠢᠯ ᠰᠣᠮᠣ ᠨᠢ ᠰᠤᠮᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠤᠶᠠᠷ ᠱᠠᠲᠤᠨ ᠤ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ ᠠᠷᠢᠭᠤᠨ ᠴᠢᠬᠡᠴᠢ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ  ᠰᠤᠷᠤᠯᠴᠠᠨ᠂  ᠴᠢᠭᠡᠴᠢ ᠵᠠᠰᠠᠭ ᠤᠨ ᠪᠠᠶᠢᠭᠤᠯᠤᠯᠳᠠ ᠶᠢᠨ ᠲᠤᠬᠠᠢ ᠬᠥᠮᠦᠵᠢᠯ  ᠬᠦᠷᠳᠡᠭᠰᠡᠨ ᠪᠠᠶᠢᠨ᠎ᠠ᠃      ᠠᠵᠢᠯᠯᠠᠭ᠎ᠠ ᠳᠤᠮᠳᠠ᠂ ᠲᠤᠬᠠᠢ   ᠶᠢᠨ ᠲᠠᠯᠠᠪᠠᠶ   ᠶᠢᠨ ᠲᠠᠶᠢᠯᠪᠤᠷᠢᠯᠠᠭᠴᠢ ᠭᠡᠷᠡᠯ ᠵᠢᠷᠤᠭ ᠤᠨ ᠲᠠᠨᠢᠯᠴᠠᠭᠤᠯᠭ᠎ᠠ᠂  ᠲᠡᠯᠭᠡᠨ ᠦᠵᠡᠭᠦᠯᠦᠯᠭᠡ᠂ ᠠᠬᠤᠢ ᠪᠠᠶᠢᠳᠠᠯ   ᠢ ᠳᠠᠬᠢᠨ ᠢᠯᠡᠷᠡᠭᠦᠯᠬᠦ ᠵᠡᠷᠭᠡ ᠬᠡᠯᠪᠡᠷᠢ ᠪᠠᠷ ᠨᠡᠶᠢᠲᠡᠯᠢᠭ ᠬᠡᠷᠡᠭ ᠤᠨ ᠵᠢᠱᠢᠶ᠎ᠡ   ᠶᠢ ᠵᠠᠳᠠᠯᠤᠨ  ᠲᠠᠶᠢᠯᠪᠤᠷᠢᠯᠠᠵᠤ᠂ ᠢᠯᠵᠠᠷᠠᠯ   ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ   ᠶᠢᠨ ᠦᠷ᠎ᠡ ᠪᠦᠲᠦᠮᠵᠢ   ᠶᠢ ᠲᠠᠨᠢᠯᠴᠠᠭᠤᠯᠤᠨ  ᠮᠡᠳᠡᠷᠡᠭᠦᠯᠬᠦ ᠪᠠᠷ ᠲᠠᠮᠵᠢᠨ᠂ ᠲᠣᠭᠤᠷᠢᠨ ᠦᠵᠡᠭᠴᠢᠳ ᠲᠤ ᠪᠦᠬᠦ ᠲᠠᠯ᠎ᠠ   ᠶᠢᠨ᠂ ᠣᠯᠠᠨ ᠬᠠᠷᠠᠭᠠᠰᠤ   ᠶᠢᠨ᠂ ᠬᠠᠮᠤᠭ ᠤᠨ ᠰᠢᠭᠤᠳ ᠬᠠᠷᠠᠭᠠᠨ ᠰᠡᠷᠡᠯ ᠤᠨ ᠳᠠᠭᠠᠷᠢᠯᠲᠠ ᠪᠠ ᠰᠡᠳᠬᠢᠴᠡ   ᠶᠢᠨ ᠦᠢᠯᠡᠳᠦᠯᠴᠡᠯ   ᠢ  ᠬᠦᠷᠭᠡᠵᠦ᠂  ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠤᠬᠢᠶᠠᠯ ᠬᠦᠷᠲᠡᠭᠡᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ   ᠶᠢᠨ ᠴᠢᠬᠤᠯᠠ ᠴᠢᠨᠠᠷ ᠪᠣᠯᠣᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠴᠢᠬᠤᠯᠠ ᠴᠢᠨᠠᠷ   ᠢ ᠲᠠᠨᠢᠭᠤᠯᠤᠭᠰᠠᠨ ᠪᠠᠶᠢᠨ᠎ᠠ᠃      ᠠᠵᠢᠯᠯᠠᠭ᠎ᠠ ᠶᠢᠨ ᠰᠡᠭᠦᠯ ᠳᠤ᠂ ᠪᠥᠬᠦ ᠨᠠᠮ ᠤᠨ ᠭᠡᠰᠢᠭᠦᠨ ᠺᠠᠳ᠋ᠷᠴᠤᠳ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ  ᠡᠷᠬᠢᠴᠡᠭᠦᠯᠦᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠷᠡᠯᠬᠡᠭᠯᠡᠨ ᠤᠷᠤᠭᠰᠢᠯᠠᠬᠤ ᠲᠠᠩᠭᠠᠷᠢᠭ ᠤᠨ ᠳᠤᠮᠳᠠ ᠲᠣᠰ ᠤᠳᠠᠭᠠᠨ ᠤ ᠬᠥᠮᠦᠵᠢᠯ ᠪᠣᠯᠪᠠᠰᠤᠷᠠᠯ ᠢᠶᠠᠨ ᠲᠡᠭᠦᠰᠬᠡᠪᠡ᠃ ᠡᠨᠡ ᠤᠳᠠᠭ᠎ᠠ ᠶᠢᠨ ᠲᠣᠭᠤᠷᠢᠨ  ᠰᠤᠷᠤᠯᠴᠠᠯᠭ᠎ᠠ ᠪᠠᠷ ᠲᠠᠮᠵᠢᠨ  ᠂ ᠴᠠᠭ ᠢᠮᠠᠭᠲᠠ ᠠᠷᠢᠭᠤᠨ ᠴᠢᠬᠡᠴᠢ ᠪᠠᠷ ᠪᠡᠶ᠎ᠡ ᠪᠠᠨ  ᠱᠠᠭᠠᠷᠳᠠᠨ᠂ ᠬᠤᠷᠢᠭ᠎ᠠ ᠱᠤᠭᠤᠮ ᠢ ᠰᠠᠬᠢᠵᠤ᠂ ᠡᠪ ᠬᠠᠮᠲᠤᠴᠤᠳ ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠣᠣᠷ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠢ  ᠭᠡᠳᠡᠭ ᠢ ᠤᠯᠠᠮ ᠬᠠᠳᠠᠩᠰᠢᠭᠤᠯᠤᠭᠰᠠᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号