ᠮᠠᠨᠳᠤᠬᠤᠪᠤᠯᠠᠭ ᠪᠠᠯᠭᠠᠰᠤ 2024 ᠣᠨ ᠤ ᠡᠷᠦᠬᠡ ᠶᠢᠨ ᠴᠡᠷᠢᠭ ᠤᠨ ᠰᠢᠯᠭᠠᠨ ᠪᠠᠶᠢᠴᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/29
      ᠪᠦᠬᠦ ᠪᠠᠯᠭᠠᠰᠤᠨ ᠤ ᠰᠢᠯᠢᠳᠡᠭ ᠡᠷᠦᠬᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠰᠢᠯᠭᠠᠨ ᠪᠠᠶᠢᠴᠠᠭᠠᠵᠤ᠂ ᠡᠷᠦᠬᠡ ᠶᠢᠨ ᠴᠡᠷᠢᠭ ᠤᠨ ᠪᠦᠬᠦ᠋ᠢᠯᠡ ᠳᠤᠭᠤᠶᠢᠯᠠᠩ ᠤᠨ ᠠᠵᠢᠯ ᠢ ᠤᠷᠤᠭᠰᠢᠲᠠᠢ ᠠᠬᠢᠭᠤᠯᠤᠨ᠂ ᠡᠷᠦᠬᠡ ᠶᠢᠨ ᠴᠡᠷᠢᠭ ᠤᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠷᠦᠬᠡ ᠶᠢᠨ ᠴᠡᠷᠢᠭ ᠤᠨ ᠲᠣᠰ ᠪᠡᠶ᠎ᠡ ᠶᠢᠨ ᠬᠡᠪ ᠴᠢᠨᠠᠷ ᠪᠠ ᠭᠡᠨᠡᠳᠲᠡ ᠶᠢᠨ ᠬᠡᠷᠡᠭ ᠢ ᠠᠷᠭᠠᠴᠠᠬᠤ ᠲᠥᠪᠯᠡᠷᠡᠭᠦᠯᠦᠨ ᠲᠤᠰᠬᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠦᠭᠡ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 5 ᠰᠠᠷ᠎ᠠ ᠶᠢᠨ 15 ᠤ ᠡᠳᠦᠷ᠂ ᠮᠠᠨᠳᠤᠬᠤᠪᠤᠯᠠᠭ ᠪᠠᠯᠭᠠᠰᠤ 2024 ᠣᠨ ᠤ ᠡᠷᠦᠬᠡ ᠶᠢᠨ ᠴᠡᠷᠢᠭ ᠤᠨ ᠰᠢᠯᠭᠠᠨ ᠪᠠᠶᠢᠴᠠᠭᠠᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠴᠧᠨ ᠽᠠᠢ ᠯᠢᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭᠠᠨ ᠤ ᠯᠢ ᠬᠤᠸ ᠷᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠳᠤ ᠮᠠᠨᠳᠤᠬᠤᠪᠤᠯᠠᠭ ᠪᠠᠯᠭᠠᠰᠤᠨ ᠤ ᠡᠷᠦᠭᠡ ᠶᠢᠨ ᠴᠡᠷᠢᠭ ᠤᠨ ᠭᠤᠣᠯᠯᠠᠭᠴᠢ ᠬᠦᠴᠦᠨ ᠤ ᠲᠤᠰᠢᠶᠠᠯ ᠬᠠᠷᠢᠭᠤᠴᠠᠬᠤ ᠵᠠᠷᠯᠢᠭ ᠢ ᠤᠩᠰᠢᠨ ᠨᠡᠶᠢᠲᠡᠯᠡᠵᠦ᠂ ᠪᠦᠬᠦ ᠡᠷᠦᠭᠡ ᠶᠢᠨ ᠴᠡᠷᠢᠭ ᠢ ᠨᠡᠷ᠎ᠡ ᠳᠤᠷᠠᠳᠤᠨ᠂ ᠪᠦᠬᠦ ᠡᠷᠦᠭᠡ ᠶᠢᠨ ᠴᠡᠷᠢᠭ ᠲᠠᠩᠭᠠᠷᠢᠭᠯᠠᠵᠤ᠂ ᠡᠷᠦᠭᠡ ᠶᠢᠨ ᠴᠡᠷᠢᠭ ᠤᠨ ᠲᠥᠯᠥᠭᠡᠯᠡᠭᠴᠢ ᠶᠠᠷᠢᠶ᠎ᠠ ᠲᠠᠯᠪᠢᠨ᠂ ᠰᠢᠯᠢᠳᠡᠭ ᠡᠷᠦᠭᠡ ᠶᠢᠨ ᠴᠡᠷᠢᠭ ᠤᠨ ᠠᠵᠢᠯ ᠤᠨ ᠲᠡᠷᠢᠭᠦᠨ ᠤ ᠨᠢᠭᠡᠴᠡ᠂ ᠰᠢᠯᠢᠳᠡᠭ ᠡᠷᠦᠭᠡ ᠶᠢᠨ ᠴᠡᠷᠢᠭ ᠲᠤ ᠱᠠᠩᠨᠠᠯ ᠬᠥᠬᠢᠭᠦᠯᠪᠡ᠃ ᠣᠳᠣᠬᠠᠨ ᠤ ᠡᠷᠦᠬᠡ ᠶᠢᠨ ᠴᠡᠷᠢᠭ ᠤᠨ ᠠᠵᠢᠯ ᠤᠨ ᠭᠤᠣᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠤᠭ ᠡᠴᠦᠰ ᠲᠤ᠂ ᠰᠢᠯᠭᠠᠨ ᠪᠠᠶᠢᠴᠠᠭᠠᠬᠤ ᠶᠡᠭᠡ ᠬᠤᠷᠠᠯ ︽ᠳᠤᠮᠳᠠᠳᠤ ᠤᠯᠤᠰ ᠤᠨ ᠡᠷᠦᠬᠡ ᠶᠢᠨ ᠴᠡᠷᠢᠭ ᠤᠨ ᠳᠠᠭᠤᠤ︾ ᠳᠤ ᠲᠡᠭᠦᠰ ᠠᠮᠵᠢᠯᠲᠠ ᠲᠠᠢ ᠲᠡᠭᠦᠰᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠴᠧᠨ ᠽᠠᠢ ᠯᠢᠨ ᠮᠠᠨᠳᠤᠬᠤᠪᠤᠯᠠᠭ ᠪᠠᠯᠭᠠᠰᠤᠨ ᠤ ᠵᠡᠪᠰᠡᠭᠲᠦ ᠬᠦᠴᠦᠨ ᠤ ᠠᠵᠢᠯ ᠢ ᠭᠦᠢᠴᠡᠳ ᠨᠤᠲᠠᠯᠠᠵᠤ᠂ ᠡᠷᠦᠬᠡ ᠶᠢᠨ ᠴᠡᠷᠢᠭ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠮᠠᠭᠲᠠᠨ ᠰᠠᠶᠢᠰᠢᠶᠠᠬᠤ ᠶᠢᠨ ᠳᠠᠭᠠᠤ ᠪᠦᠬᠦ ᠡᠷᠦᠬᠡ ᠶᠢᠨ ᠴᠡᠷᠢᠭ ᠢᠮᠠᠭᠲᠠ ᠡᠷᠦᠬᠡ ᠶᠢᠨ ᠴᠡᠷᠢᠭ ᠤᠨ ᠲᠠᠩᠭᠠᠷᠢᠭ ᠤᠨ ᠦᠭᠡᠰ ᠢ ᠪᠠᠲᠤ ᠴᠡᠭᠡᠵᠢᠯᠡᠨ᠂ ᠡᠷᠦᠬᠡ ᠶᠢᠨ ᠴᠡᠷᠢᠭ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠭᠡᠨ᠂ ᠴᠡᠷᠢᠭ ᠤᠨ ᠶᠠᠪᠤᠳᠠᠯ ᠤᠨ ᠠᠵᠢᠯᠯᠠᠭ᠎ᠠ ᠳᠤ ᠢᠳᠡᠪᠬᠢᠲᠡᠢ ᠣᠷᠤᠯᠴᠠᠵᠤ᠂ ᠰᠢᠷᠭᠠᠭᠤ ᠪᠣᠯᠪᠠᠰᠤᠷᠠᠨ᠂ ᠬᠤᠪᠢ ᠬᠥᠮᠥᠨ ᠤ ᠴᠡᠷᠢᠭ ᠤᠨ ᠶᠠᠪᠤᠳᠠᠯ ᠤᠨ ᠪᠣᠯᠪᠠᠰᠤᠷᠠᠯ ᠬᠢᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠰᠢᠭᠤᠴᠢ ᠪᠣᠯᠬᠤ ᠪᠠᠷ ᠴᠢᠷᠮᠠᠶᠢᠨ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠮᠦᠨ᠎ᠡ ᠹᠷᠣᠨᠲ ᠲᠤ ᠭᠠᠪᠰᠢᠭᠠᠶᠢᠯᠠᠨ ᠣᠷᠣᠬᠤ ᠶᠢ ᠬᠦᠰᠡᠪᠡ᠃ ᠡᠭᠦᠨ ᠤ ᠬᠠᠮᠲᠤ ᠱᠠᠭᠠᠷᠳᠠᠭᠰᠠᠨ ᠨᠢ ᠤᠯᠠᠨ ᠢᠶᠠᠷ ᠢᠶᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠲᠤᠰ ᠪᠡᠶ᠎ᠡ ᠶᠢᠨ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠲᠡᠷᠢᠭᠦᠨ ᠤ ᠦᠵᠡᠯ ᠰᠠᠨᠠᠭ᠎ᠠ᠂ ᠡᠷᠬᠢᠮ ᠳᠡᠭᠡᠳᠦ ᠶᠣᠰᠣ ᠰᠤᠷᠲᠠᠬᠤᠨ ᠪᠠ ᠦᠨᠳᠦᠰᠦᠲᠡᠨ ᠤ ᠵᠣᠷᠢᠭ ᠰᠠᠨᠠᠭᠠᠨ ᠤ ᠵᠢᠱᠢᠶᠡᠴᠢ ᠦᠢᠯᠡᠳᠦᠯᠭᠡᠵᠢᠭᠦᠯᠦᠭᠴᠢ ᠪᠠ ᠡᠷᠡᠰ ᠪᠠᠲᠤ ᠤᠯᠠᠮᠵᠢᠯᠠᠭᠴᠢ ᠪᠣᠯᠵᠤ᠂ ᠡᠷᠦᠬᠡ ᠶᠢᠨ ᠴᠡᠷᠢᠭ ᠤᠨ ᠳᠦᠷᠢ ᠲᠥᠷᠬᠦ ᠶᠢ ᠰᠠᠶᠢᠲᠤᠷ ᠪᠤᠢ ᠪᠣᠯᠭᠠᠵᠤ᠂ ᠡᠷᠦᠬᠡ ᠶᠢᠨ ᠴᠡᠷᠢᠭ ᠤᠨ ᠣᠷᠣᠯᠠᠨ ᠥᠭᠦᠯᠡᠭᠴᠢ ᠪᠣᠯᠵᠤ᠂ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ ᠤᠨ ᠬᠡᠪ ᠨᠠᠮᠪᠠ ᠶᠢ ᠢᠯᠡᠷᠡᠭᠦᠯᠬᠦ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号