5 ᠰᠠᠷ᠎ᠠ ᠶᠢᠨ 16 ᠤ ᠡᠳᠦᠷ᠂ ᠮᠠᠨᠳᠤᠬᠤᠪᠤᠯᠠᠭ ᠪᠠᠯᠭᠠᠰᠤ ᠭᠠᠴᠠᠭᠠᠨ ᠤ ᠬᠠᠮᠲᠤ ᠶᠢᠨ ︽ᠭᠤᠷᠪᠠᠨ ᠪᠡᠯᠡ︾ | ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠭᠠᠴᠠᠭ᠎ᠠ | ︵ᠨᠡᠶᠢᠭᠡᠮ ᠲᠣᠭᠤᠷᠢᠭ︶ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠤᠯᠴᠠᠵᠤ᠂ ᠬᠤᠷᠠᠯ ᠢ ᠪᠠᠯᠭᠠᠰᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠮᠥᠩᠭᠡ ᠡᠷᠭᠢᠯᠡᠵᠡᠶ᠃ | ᠬᠤᠷᠠᠯ ᠳᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠠᠯᠪᠠᠨ ᠭᠡᠷ ᠤᠨ ᠡᠷᠬᠢᠯᠡᠭᠴᠢ ᠮᠧᠶ ᠯᠢᠩ ︽ᠮᠠᠨᠳᠤᠬᠤᠪᠤᠯᠠᠭ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠦᠷᠢᠶᠡᠨ ᠳᠠᠬᠢ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠵᠢᠷᠤᠮᠵᠢᠯ ᠦᠭᠡᠢ ᠪᠠᠶᠢᠬᠤ | ᠠᠰᠠᠭᠤᠳᠠᠯ ᠢ ᠴᠡᠭᠴᠡᠯᠡᠨ ᠵᠠᠰᠠᠬᠤ ᠲᠥᠰᠥᠯ︾ ᠢ ᠤᠯᠠᠮᠵᠢᠯᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠪᠠ ᠠᠵᠢᠯ ᠤᠨ | ᠱᠠᠭᠠᠷᠳᠠᠯᠭ᠎ᠠ ᠶᠢ ᠴᠢᠬᠤᠯᠠᠴᠢᠯᠠᠨ᠂ ᠭᠠᠴᠠᠭᠠᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢ | ᠳᠦᠷᠢᠮᠵᠢᠭᠦᠯᠬᠦ᠂ ᠵᠢᠷᠤᠮᠵᠢᠭᠤᠯᠬᠤ᠂ ᠢᠯᠡ ᠲᠣᠳᠣ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠳᠤ | ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ | ᠳᠡᠳ᠋ ᠪᠠᠯᠭᠠᠰᠤᠨ ᠳᠠᠷᠤᠭ᠎ᠠ ᠴᠢᠩ ᠯᠦᠩ ︽ᠵᠡᠭᠦᠨ ᠦᠵᠦᠮᠦᠴᠢᠨ ᠬᠤᠰᠢᠭᠤᠨ ᠤ ᠭᠠᠴᠠᠭᠠᠨ ᠤ ᠬᠠᠮᠲᠤ ᠶᠢᠨ | ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠤᠯᠠᠮᠵᠢᠯᠠᠵᠤ᠂ ᠬᠠᠮᠢᠶ᠎ᠠ | ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠤ᠂ ᠳᠡᠩᠰᠡᠯᠡᠨ ᠳᠢᠭᠯᠡᠬᠦ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠨ᠂ ᠬᠠᠮᠲᠤ ᠶᠢᠨ ᠡᠳ᠋ ᠬᠥᠷᠥᠩᠭᠡ ᠶᠢᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠨ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠶᠢ ᠪᠡᠶᠡᠯᠡᠭᠦᠯᠪᠡ᠃ | ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠥᠭᠡᠮᠡᠯᠵᠢᠭᠦᠯᠬᠦ ᠲᠥᠪ ᠤᠨ ᠡᠷᠬᠢᠯᠡᠭᠴᠢ | ᠡᠷᠬᠢᠮᠪᠠᠶᠠᠷ ︽ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ | ᠬᠢᠨᠠᠨ ᠪᠣᠳᠣᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ︾ ᠢ ᠤᠯᠠᠮᠵᠢᠯᠠᠵᠤ᠂ ᠬᠢᠨᠠᠨ ᠪᠤᠳᠤᠬᠤ ᠠᠷᠭ᠎ᠠ ᠮᠠᠶ᠋ᠢᠭ᠂ | ᠬᠦᠷᠢᠶ᠎ᠡ ᠬᠡᠪᠴᠢᠶ᠎ᠡ᠂ ᠠᠭᠤᠯᠭ᠎ᠠ ᠪᠠ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠣᠳᠤᠷᠬᠠᠶᠢᠯᠠᠨ᠂ ᠬᠠᠮᠲᠤ ᠶᠢᠨ | ᠠᠵᠤ ᠠᠬᠤᠢ ᠶᠢᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ ᠵᠢᠷᠤᠮᠵᠢᠭᠤᠯᠵᠤ᠂ ᠬᠠᠮᠲᠤ ᠶᠢᠨ | ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠭᠰᠠᠨ ᠪᠠᠶᠢᠨ᠎ᠠ᠃ | ᠵᠡᠭᠦᠨ ᠦᠵᠦᠮᠦᠴᠢᠨ ᠬᠤᠰᠢᠭᠤᠨ ᠤ ᠬᠥᠬᠡ ᠠᠷᠠᠯ ᠤᠨ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ | ᠭᠠᠵᠠᠷ ᠤᠨ ᠬᠠᠷᠢᠭᠤᠴᠠᠯᠭᠠᠲᠠᠨ ᠭᠠᠴᠠᠭᠠᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ | ᠠᠩᠬᠠᠷᠬᠤ ᠵᠦᠢᠯᠡᠰ ᠤᠨ ᠲᠣᠳᠣᠷᠬᠠᠶᠢᠯᠠᠯᠲᠠ ᠬᠢᠵᠦ᠂ ᠡᠯ᠎ᠡ ᠭᠠᠴᠠᠭᠠᠨ ᠤ ︽ᠭᠤᠷᠪᠠᠨ ᠪᠡᠯᠡ︾ ᠶᠢᠨ | ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠲᠠᠢ ᠤᠶᠠᠯᠳᠤᠭᠤᠯᠤᠨ ᠨᠠᠷᠢᠨ ᠨᠢᠮᠪᠠᠢ | ᠵᠢᠯᠤᠭᠤᠳᠤᠯᠭ᠎ᠠ ᠨᠢᠭᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠭᠠᠴᠠᠭᠠᠨ ᠤ ︽ᠭᠤᠷᠪᠠᠨ ᠪᠡᠯᠡ︾ ᠶᠢᠨ | ᠬᠠᠮᠢᠶᠠᠷᠤᠯᠲᠠ ᠶᠢᠨ ᠲᠠᠯ᠎ᠠ ᠪᠠᠷ ᠬᠢ ᠳᠤᠲᠠᠭᠳᠠᠯ ᠢ ᠦᠨᠡᠨᠬᠦ ᠨᠥᠬᠦᠪᠦᠷᠢᠯᠡᠬᠦ ᠬᠡᠷᠡᠭᠲᠡᠢ᠃ ᠬᠤᠶᠠᠷ ᠲᠤ ︽ᠭᠤᠷᠪᠠᠨ | ᠪᠡᠯᠡ︾ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠮᠲᠤ ᠶᠢᠨ ᠬᠠᠷᠢᠭᠤᠴᠠᠯᠭ᠎ᠠ ᠶᠢ ᠰᠠᠶᠢᠲᠤᠷ | ᠭᠦᠢᠴᠡᠳᠬᠡᠵᠦ᠂ ᠭᠠᠴᠠᠭᠠᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠰᠠᠬᠢᠯᠭ᠎ᠠ ᠪᠠᠲᠤ᠂ ᠳᠦᠷᠢᠮ ᠲᠣᠭᠲᠠᠭᠠᠯ᠂ ᠬᠠᠤᠯᠢ ᠶᠣᠰᠣᠭᠠᠷ ᠠᠵᠢᠯᠯᠠᠬᠤ ᠶᠢ ᠴᠢᠩᠭᠠᠳᠬᠠᠨ᠂ | ᠭᠠᠴᠠᠭᠠᠨ ᠤ ︽ᠭᠤᠷᠪᠠᠨ ᠪᠡᠯᠡ︾ ᠶᠢᠨ ᠠᠵᠢᠯ ᠢ ᠢᠯᠡ ᠪᠠᠷ ᠶᠠᠪᠤᠭᠳᠠᠭᠤᠯᠬᠤ ᠬᠡᠷᠡᠭᠲᠡᠢ᠃ ᠭᠤᠷᠪᠠ ᠳᠤ ︽ | ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ︵ | ᠨᠡᠶᠢᠭᠡᠮ ᠲᠣᠭᠤᠷᠢᠭ︶ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠶᠢ ᠴᠢᠬᠤᠯᠠᠴᠢᠯᠠᠨ᠂ ᠬᠠᠮᠢᠶ᠎ᠠ ᠪᠦᠬᠦᠢ | ᠠᠭᠤᠯᠭ᠎ᠠ ᠶᠢ ᠣᠯᠠᠨ ᠲᠦᠮᠡᠨ ᠳᠤ ᠴᠠᠭ ᠲᠤᠬᠠᠢ ᠳᠤᠨᠢ ᠣᠨᠣᠪᠴᠢᠲᠠᠶ ᠢᠯᠡ ᠪᠣᠯᠭᠠᠵᠤ᠂ ᠣᠯᠠᠨ ᠲᠦᠮᠡᠨ ᠤ | ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ |