ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ︿︿5 . 1﹀﹀ ᠤ ᠬᠥᠳᠡᠯᠮᠦᠷᠢᠴᠢᠳ ᠤᠨ ᠪᠠᠶᠠᠷ  ᠢ ᠪᠡᠯᠭᠡᠯᠡᠬᠦ ᠭᠤᠤᠯ ᠰᠡᠳᠦᠪᠲᠦ ᠬᠦᠳᠡᠯᠭᠡᠭᠡᠨ ᠶᠠᠪᠤᠭᠳᠠᠪᠠ
ᠨᠡᠶᠢᠲᠡᠯᠡᠭᠰᠡᠨ ᠴᠠᠭ᠄
2024/5/30
      ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠵᠦ᠂ ᠮᠠᠨ  ᠤ ᠬᠤᠰᠢᠭᠤᠨ ᠤ ᠤᠨᠴᠠᠯᠢᠭᠳᠤ ᠴᠠᠭᠠᠨ ᠢᠳᠡᠭᠡᠨ ᠤ ᠨᠡᠶᠢᠭᠡᠮᠯᠢᠭ ᠠᠴᠠ ᠬᠠᠮᠵᠢᠨ ᠡᠷᠭᠢᠯᠡᠭᠰᠡᠨ 2024 ᠣᠨ ᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ 《 5 . 1 》 ᠤ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠭᠤᠤᠯ ᠰᠡᠳᠦᠪᠲᠦ  ᠬᠦᠳᠡᠯᠭᠡᠭᠡᠨ 4 ᠰᠠᠷ᠎ᠠ ᠶᠢᠨ 28 ᠤ ᠡᠳᠦᠷ᠂ ᠠᠶᠠᠨ‌ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠶᠠᠪᠤᠭᠳᠠᠪᠠ  ᠃        ᠬᠦᠳᠡᠯᠭᠡᠭᠡᠨ ᠳᠤ᠂  ᠮᠠᠭᠲᠠᠭᠠᠯ ᠳᠠᠭᠤᠤ  ᠂ ᠨᠠᠶᠮᠠᠨ ᠪᠦᠯᠦᠭᠲᠦ ᠡᠷᠡᠭᠦᠯᠵᠢᠯ ᠤᠨ ᠲᠠᠮᠢᠷ᠂ ᠬᠤᠯᠪᠤᠭ᠎ᠠ ᠵᠡᠷᠭᠡ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠦ᠂ ᠲᠣᠭᠯᠠᠯᠲᠠ ᠨᠢᠭᠡᠪᠦᠷᠢ ᠨᠢ ᠴᠥᠮ ᠨᠠᠰᠤᠲᠠᠶᠢᠴᠤᠳ  ᠤᠨ ᠤᠷᠠᠯᠢᠭ ᠤᠨ ᠠᠪᠢᠶᠠᠰ ᠴᠢᠳᠠᠪᠤᠷᠢ ᠪᠠ ᠠᠮᠢᠳᠤᠷᠠᠯ ᠳᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠶᠢ ᠭᠦᠶᠴᠡᠳ ᠢᠯᠡᠷᠡᠭᠦᠯᠵᠦ᠂ ᠬᠠᠮᠲᠤ ᠶᠢᠨ ᠪᠥᠵᠢᠭ ᠨᠢ᠂ ᠨᠠᠰᠤᠲᠠᠶᠢᠴᠤᠳ ᠤᠨ ᠴᠤᠭ ᠵᠢᠪᠬᠤᠭ᠎ᠠ ᠶᠢ ᠬᠠᠷᠠᠭᠤᠯᠤᠨ᠂ ᠦᠵᠡᠭᠴᠢᠳ  ᠤᠨ ᠠᠯᠠᠭ᠎ᠠ ᠳᠠᠪᠰᠢᠯᠲᠠ ᠶᠢ ᠣᠯᠤᠭᠰᠠᠨ ᠪᠥᠭᠡᠳ ᠪᠦᠬᠦᠶᠢᠯᠡ ᠬᠥᠳᠡᠯᠭᠡᠭᠡᠨ ᠢ ᠣᠷᠭᠢᠯ ᠳᠤᠨᠢ ᠬᠦᠷᠭᠡᠵᠡᠶ  ᠃      ᠬᠦᠳᠡᠯᠭᠡᠭᠡᠨ ᠳᠤ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ 2024 ᠣᠨ  ︿︿ᠵᠣᠯ ᠵᠢᠷᠭᠠᠯᠲᠤ ᠥᠲᠡᠯᠦᠭᠡ ᠨᠠᠰᠤ᠂ ᠪᠠᠶᠠᠷ ᠴᠡᠩᠭᠡᠯ ᠤᠨ ᠬᠦᠷᠢᠶᠡᠯᠡᠩ﹀﹀ ᠵᠤᠭ᠎ᠠ ᠴᠡᠩᠭᠡᠯ ᠤᠨ ᠠᠵᠢᠯᠯᠠᠭ᠎ᠠ ᠶᠢᠨ ᠨᠢᠭᠡᠳᠦᠭᠡᠷ ᠤᠯᠠᠷᠢᠯ ᠤᠨ ᠱᠠᠭ᠎ᠠ᠂ ᠮᠣᠩᠭᠤᠯ ᠰᠢᠲᠠᠷ᠎ᠠ᠂ ᠴᠢᠴᠢᠭᠦᠷ ᠪᠥᠮᠪᠦᠭᠡ ᠵᠡᠷᠭᠡ ᠶᠢᠰᠦᠨ ᠵᠦᠶᠯ ᠤᠨ ᠤᠷᠤᠯᠳᠤᠭᠠᠨ ᠤ ᠡᠮᠦᠨ᠎ᠡ ᠨᠠᠶᠮᠠᠨ ᠨᠡᠷᠡᠰ ᠲᠤ ᠲᠣᠳᠣᠷᠠᠭᠰᠠᠳ ᠲᠤ ᠱᠠᠩᠨᠠᠯ ᠣᠯᠭᠤᠭᠰᠠᠨ ᠤ ᠬᠠᠮᠲᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠵᠢᠱᠢᠶᠡᠴᠢ ᠠᠵᠢᠯᠲᠠᠨ᠂ ᠵᠢᠱᠢᠶᠡᠴᠢ ᠨᠠᠰᠤᠲᠠᠨ ᠢ ᠬᠥᠬᠢᠭᠦᠯᠦᠨ ᠰᠠᠶᠢᠰᠢᠶᠠᠪᠠ᠃      ᠬᠥᠳᠡᠯᠭᠡᠭᠡᠨ ᠤ ᠡᠴᠦᠰ ᠲᠤ ᠪᠠᠰᠠ ᠰᠣᠨᠢᠷᠬᠠᠯᠲᠠᠶ ᠲᠣᠭᠯᠠᠭᠠᠮ ᠲᠤᠬᠢᠷᠡᠭᠤᠯᠵᠦ᠂ ᠨᠠᠰᠤᠲᠠᠶᠢᠴᠤᠳ ᠥᠪᠡᠷ  ᠤᠨ ᠳᠤᠷ᠎ᠠ ᠰᠣᠨᠢᠷᠬᠠᠯ ᠢᠶᠠᠷ ᠢᠶᠠᠨ ᠡᠯ᠎ᠡ‌ᠵᠦ᠋ᠶᠯ ᠤᠨ ᠲᠣᠭᠯᠠᠭᠠᠮ ᠳᠤ ᠣᠷᠣᠯᠴᠠᠵᠤ᠂  ᠲᠤᠬᠠᠢ ᠶᠢᠨ ᠲᠠᠯᠠᠪᠠᠢ ᠪᠠᠶᠠᠷ ᠬᠥᠷ ᠢᠶᠠᠷ ᠪᠢᠯᠬᠠᠵᠠᠢ  ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ ᠤᠨ ᠰᠣᠶᠣᠯ ᠤᠨ ᠷᠢᠳᠢ ᠰᠢᠳᠢ ᠶᠢ ᠭᠦᠶᠴᠡᠳ ᠢᠯᠡᠷᠡᠭᠦᠯᠦᠭᠰᠡᠨ ᠪᠥᠭᠡᠳ ᠬᠥᠳᠡᠯᠮᠦᠷᠢ ᠬᠠᠮᠤᠭ ᠤᠨ ᠥᠩᠭᠡ ᠬᠡᠷᠡᠯ ᠲᠠᠢ᠂ ᠬᠥᠳᠡᠯᠮᠦᠷᠢ ᠬᠠᠮᠤᠭ ᠤᠨ ᠪᠠᠶᠠᠷ ᠬᠥᠷ ᠲᠠᠢ ᠭᠡᠬᠦ ᠣᠶᠢᠯᠠᠭᠠᠭᠳᠠᠬᠤᠨ ᠢ ᠴᠤ ᠢᠯᠡᠷᠡᠭᠦᠯᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号