ᠵᠢᠷᠭᠤᠳᠤᠭᠠᠷ ᠤᠳᠠᠭᠠᠨ ᠤ ︿︿ᠡᠭᠡᠰᠢᠭ ᠲᠤᠯᠤᠭ᠎ᠠ﹀﹀ ᠬᠤᠨᠳᠠᠭᠠᠳᠤ ᠬᠡᠤᠬᠡᠳ ᠪᠠᠭᠠᠴᠤᠳ ᠤᠨ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/5/30
      4 ᠰᠠᠷ᠎ᠠ ᠶᠢᠨ 27 ᠤ ᠡᠳᠦᠷ᠂ ᠵᠢᠷᠭᠤᠳᠤᠭᠠᠷ ᠤᠳᠠᠭᠠᠨ ᠤ ︿︿ᠡᠭᠡᠰᠢᠭ ᠲᠤᠯᠤᠭ᠎ᠠ﹀﹀ ᠬᠤᠨᠳᠠᠭᠠᠳᠤ ᠬᠡᠤᠬᠡᠳ ᠪᠠᠭᠠᠴᠤᠳ ᠤᠨ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠬᠤᠰᠢᠭᠤ ᠨᠣᠮ ᠤᠨ ᠰᠠᠩ ᠳᠤ ᠶᠠᠪᠤᠭᠳᠠᠯ᠎ᠠ᠃ ᠲᠣᠰ ᠤᠳᠠᠭᠠᠨ ᠤ ᠤᠷᠤᠯᠳᠤᠭᠠᠨ ᠢ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠭᠤᠤᠯᠯᠠᠨ ᠡᠷᠬᠢᠯᠡᠵᠤ᠂ ᠬᠤᠰᠢᠭᠤ ᠵᠣᠬᠢᠶᠠᠯᠴᠢᠳ ᠤᠨ ᠡᠪᠯᠡᠯ᠂ ᠬᠤᠰᠢᠭᠤ  ᠡᠮᠡᠭᠳᠡᠢ ᠵᠣᠬᠢᠶᠠᠯᠴᠢᠳ ᠤᠨ ᠡᠪᠯᠡᠯ ᠠᠴᠠ ᠲᠠᠭᠠᠭᠠᠴᠢᠯᠠᠨ ᠡᠷᠬᠢᠯᠡᠵᠣ᠂ ᠬᠤᠰᠢᠭᠤ ᠨᠣᠮ ᠤᠨ ᠰᠠᠩ ᠠᠴᠠ ᠬᠠᠮᠳᠤᠷᠠᠨ ᠡᠷᠬᠢᠯᠡᠵᠤ ᠶᠠᠪᠤᠭᠳᠠᠭᠤᠯᠤᠭᠰᠠᠨ ᠪᠠᠶᠢᠨ᠎ᠠ  ᠃      ᠤᠷᠤᠯᠳᠤᠭᠠᠨ ᠳᠤ ᠡᠯ᠎ᠡ ᠲᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠢᠳᠡᠪᠬᠢᠯᠡᠨ ᠤᠷᠤᠯᠴᠠᠵᠣ ᠠᠩᠬᠠᠨ ᠤ ᠰᠢᠭᠰᠢᠬᠡ ᠪᠠᠷ ᠳᠠᠮᠵᠢᠨ 14 ᠨᠡᠷ᠎ᠡ ᠤᠷᠤᠯᠳᠤᠭᠴᠢ ᠰᠡᠶᠢᠳᠪᠤᠷᠢᠳᠤ ᠤᠷᠤᠯᠳᠤᠭᠠᠨ ᠳᠤ ᠨᠡᠷ᠎ᠡ ᠲᠡᠪᠰᠢᠨ ᠤᠷᠤᠯᠳᠤᠭᠰᠠᠨ ᠠᠴᠠ《 ᠴᠡᠴᠡᠨ ᠬᠡᠯᠡ》ᠰᠤᠷᠭᠠᠯᠳᠠ ᠶᠢᠨ ᠲᠦᠪ ᠤᠨ ᠰᠤᠷᠤᠭᠴᠢ ᠠᠩᠬᠢᠷ ᠲᠡᠷᠢᠭᠦᠯᠡᠵᠤ᠂        《 ᠤᠤᠭᠠᠯ》 ᠰᠤᠷᠭᠠᠯᠳᠠ ᠶᠢᠨ ᠲᠦᠪ ᠤᠨ ᠰᠤᠷᠤᠭᠴᠢ ᠡᠨᠡᠷᠢᠯᠡᠩᠭᠦᠢ᠂《ᠴᠡᠴᠡᠨ ᠬᠡᠯᠡ》ᠰᠤᠷᠭᠠᠯᠳᠠ ᠶᠢᠨ ᠲᠦᠪ ᠤᠨ ᠰᠤᠷᠤᠭᠴᠢ ᠲᠤᠭᠳᠤᠬᠤᠮ᠎ᠠ ᠲᠡᠳ᠋ᠯᠡᠵᠣ᠂《 ᠴᠡᠴᠡᠨ ᠬᠡᠯᠡ》ᠰᠤᠷᠭᠠᠯᠳᠠ ᠶᠢᠨ ᠲᠦᠪ ᠤᠨ ᠰᠤᠷᠤᠭᠴᠢ ᠬᠢᠯᠪᠠᠭ᠎ᠠ《ᠴᠡᠴᠡᠨ ᠬᠡᠯᠡ》ᠰᠤᠷᠭᠠᠯᠳᠠ ᠶᠢᠨ ᠲᠦᠪ ᠤᠨ ᠰᠤᠷᠤᠭᠴᠢ ᠨᠠᠶᠢᠷᠰᠠᠭ《 ᠴᠡᠴᠡᠨ ᠬᠡᠯᠡ》ᠰᠤᠷᠭᠠᠯᠳᠠ ᠶᠢᠨ ᠲᠦᠪ ᠤᠨ ᠰᠤᠷᠤᠭᠴᠢ ᠦᠯᠡᠮᠵᠢᠪᠢᠯᠢᠭ ᠭᠤᠷᠪᠠ ᠳᠤ ᠲᠤᠳᠤᠷᠠᠵᠠᠢ᠃      ᠵᠢᠷᠭᠤᠳᠤᠭᠠᠷ ᠤᠳᠠᠭ᠎ᠠ ᠪᠠᠨ ᠶᠠᠪᠤᠭᠳᠠᠵᠤ ᠪᠠᠶᠢᠭ᠎ᠠ ᠡᠨᠡᠬᠦ ᠤᠷᠤᠯᠳᠤᠭᠠᠨ ᠨᠢ ᠬᠡᠤᠬᠡᠳ ᠤᠨ ᠬᠡᠯᠡ ᠶᠠᠷᠢᠶᠠᠨ ᠤ ᠴᠢᠳᠠᠪᠤᠷᠢ ᠶᠢ ᠲᠡᠭᠡᠭᠰᠢᠯᠡᠭᠦᠯᠬᠦ᠂ ᠬᠡᠤᠬᠡᠳ ᠤᠨ ᠤᠷᠮ᠎ᠠ ᠰᠡᠳᠬᠢᠯᠭᠡ ᠶᠢ ᠬᠦᠭᠵᠢᠬᠦᠯᠬᠦ᠂ ᠤᠯᠠᠨ ᠤ ᠡᠮᠦᠨ᠎ᠡ ᠭᠠᠷᠴᠣ ᠦᠪᠡᠷ ᠶᠢᠨ ᠤᠷ᠎ᠠ ᠠᠪᠢᠶᠠᠰ ᠢᠶᠠᠨ ᠪᠠᠳᠠᠷᠠᠭᠤᠯᠬᠤ ᠵᠣᠷᠢᠭ ᠬᠦᠴᠦ ᠶᠢ ᠨᠢ ᠬᠦᠪᠴᠢᠯᠡᠬᠦ ᠠᠯᠤᠰ ᠬᠡᠳᠦ ᠶᠢᠨ ᠠᠴᠢ ᠬᠤᠯᠪᠤᠭᠳᠠᠯ ᠲᠠᠢ ᠪᠠᠶᠢᠳᠠᠭ ᠢᠶᠠᠷ ᠢᠶᠠᠨ ᠤᠨᠴᠠᠯᠢᠭ ᠲᠠᠢ ᠶᠤᠮ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号