ᠠᠯᠲᠠᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ 2024 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/30
      ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ                 ︽ᠪᠠᠶᠢᠷᠢᠯᠠᠭᠤᠯᠤᠯᠲᠠ ᠶᠢ ᠴᠢᠬᠤᠯᠠᠴᠢᠯᠠᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ︾ ᠪᠠᠷ ᠭᠠᠷᠳᠠᠴᠠ ᠪᠤᠯᠭᠠᠨ᠂ ᠤᠷᠢᠳ ᠬᠤᠵᠢᠳ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠤᠳᠤᠷᠢᠳᠬᠤ ᠪᠠᠭ ᠤᠨ ᠬᠤᠷᠠᠯ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠢ ᠬᠤᠷᠠᠯᠲᠤᠭᠤᠯᠵᠤ᠂ ︽ᠠᠯᠲᠠᠨᠬᠢᠯᠢ ᠰᠤᠮᠤᠨ ᠤ 2024 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠬᠤᠭᠤᠴᠠᠭᠠᠨ ᠤ ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠪᠥᠭᠡᠳ   ︽ᠵᠡᠭᠦᠨ ᠦᠵᠦᠮᠦᠴᠢᠨ ᠬᠤᠰᠢᠭᠤᠨ ᠤ 2023 ︱ 2025 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠬᠤᠭᠤᠴᠠᠭᠠᠨ ᠤ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠲᠠᠶᠢᠵᠢᠭᠤᠯᠵᠤ᠂ 45 ᠡᠳᠦᠷ ᠤᠨ ᠺᠠᠳ᠋ᠷ ᠣᠯᠠᠨ ᠲᠦᠮᠡᠨ ᠤ ᠬᠠᠮᠲᠤᠷᠠᠯᠴᠠᠬᠤ ᠪᠠᠷ ᠳᠡᠮᠵᠢᠨ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠮᠠᠨ ᠤ ᠠᠩᠭᠢ ᠨᠢ ᠤᠷᠢᠳ ᠬᠤᠵᠢᠳ ᠣᠯᠠᠨ ᠶᠠᠩᠵᠤ ᠶᠢᠨ ᠠᠷᠭ᠎ᠠ ᠬᠡᠯᠪᠡᠷᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ  ᠪᠡᠯᠴᠢᠬᠡᠷ ᠢ ᠰᠠᠷᠬᠦᠬᠡᠬᠦ ᠲᠦᠷᠢᠮ︾ ︽ᠵᠡᠭᠦᠨ ᠦᠵᠦᠮᠦᠴᠢᠨ ᠬᠤᠰᠢᠭᠤᠨ ᠤ 2023 ︱ 2025 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠬᠤᠭᠤᠴᠠᠭᠠᠨ ᠤ ᠬᠡᠷᠡᠭᠵᠢᠭᠦᠯᠬᠦ ᠲᠥᠰᠥᠯ︾ ︽ᠠᠯᠲᠠᠨᠬᠢᠯᠢ ᠰᠤᠮᠤᠨ ᠤ 2024 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠬᠡᠷᠡᠭᠵᠢᠭᠦᠯᠬᠦ ᠲᠥᠰᠥᠯ︾ ᠵᠡᠷᠭᠡ ᠢ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠴᠠᠭ ᠲᠤᠬᠠᠢ ᠳᠤᠨᠢ150 ᠭᠠᠷᠤᠢ ᠤᠳᠠᠭ᠎ᠠ ᠳᠠᠮᠵᠢᠭᠤᠯᠤᠨ ᠲᠠᠷᠬᠠᠭᠠᠵᠤ᠂ ᠭᠠᠴᠠᠭ᠎ᠠ ᠲᠠᠭᠠᠭᠠᠴᠢᠯᠠᠭᠰᠠᠨ ᠺᠠᠳ᠋ᠷ ᠭᠠᠴᠠᠭᠠᠨ ᠤ ᠸᠢᠴᠠᠲ ᠤᠨ ᠬᠤᠯᠪᠤᠭᠠᠨ ᠳᠤ 430 ᠭᠠᠷᠤᠢ ᠤᠳᠠᠭ᠎ᠠ ᠤᠬᠠᠭᠤᠯᠪᠠ᠃ ᠰᠦᠯᠵᠢᠶᠡᠨ ᠠᠴᠠ ᠭᠠᠳᠠᠨ᠎ᠠ ᠤᠬᠠᠭᠤᠯᠭ᠎ᠠ ᠶᠢᠨ ᠳᠡᠪᠲᠡᠷ ᠢ 800 ᠭᠠᠷᠤᠢ ᠬᠤᠪᠢ ᠲᠠᠷᠬᠠᠭᠠᠵᠤ᠂ ᠥᠷᠭᠡᠨ ᠣᠯᠠᠨ ᠮᠠᠯᠴᠢᠳ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ  ᠳᠡᠭᠡᠭᠰᠢᠯᠡᠭᠦᠯᠪᠡ᠃      ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠲᠣᠭᠲᠠᠭᠤᠨ ᠢᠶᠠᠷ ᠠᠬᠢᠭᠤᠯᠬᠤ ᠶᠢᠨ ᠲᠥᠯᠥᠭᠡ᠂ ᠮᠠᠨ ᠤ ᠠᠩᠭᠢ ᠨᠢ ᠪᠡᠯᠴᠢᠭᠡᠷ ᠥᠨᠵᠢᠭᠦᠯᠬᠦ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ2 ᠢ ᠪᠠᠶᠢᠭᠤᠯᠵᠤ᠂ ᠲᠣᠰ ᠲᠣᠰ ᠰᠤᠮᠤᠨ ᠤ 4 ᠭᠠᠴᠠᠭᠠᠨ ᠳᠤ ᠭᠦᠨᠵᠡᠭᠡᠶᠢᠷᠡᠨ ᠡᠳᠦᠷ ᠪᠦᠷᠢ ᠶᠢᠨ ᠲᠣᠭᠤᠷᠢᠨ ᠪᠠᠶᠢᠴᠠᠭᠠᠬᠤ ᠪᠠ ᠲᠠᠰᠢᠷᠠᠮ ᠢᠶᠠᠷ ᠪᠠᠶᠢᠴᠠᠭᠠᠬᠤ ᠶᠢ ᠵᠡᠷᠭᠡ ᠪᠠᠷ ᠠᠬᠢᠭᠤᠯᠵᠤ᠂ ᠪᠡᠯᠴᠢᠭᠡᠷ ᠥᠨᠵᠢᠭᠦᠯᠬᠦ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠨᠡᠶᠢᠲᠡ 381 ᠡᠷᠦᠬᠡ ᠳᠤ ᠬᠦᠷᠴᠦ ᠲᠣᠭᠤᠷᠢᠨ ᠪᠠᠶᠢᠴᠠᠭᠠᠬᠤ ᠶᠢᠨ ᠬᠠᠮᠲᠤ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠴᠢᠩᠭ᠎ᠠ ᠲᠠᠭᠯᠠᠵᠤ᠂ ᠬᠤᠯᠠᠭᠠᠶᠢᠯᠠᠨ ᠮᠠᠯᠵᠢᠬᠤ᠂ ᠰᠥᠨᠢ ᠪᠠᠷ ᠮᠠᠯᠵᠢᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠡᠭᠦᠨ ᠤ ᠬᠠᠮᠲᠤ ᠮᠠᠨ ᠤ ᠠᠩᠭᠢ ᠬᠤᠰᠢᠭᠤᠨ ᠤ ᠰᠣᠯᠪᠢᠴᠠᠨ ᠬᠠᠤᠯᠢ ᠬᠡᠷᠡᠭᠵᠢᠭᠦᠯᠵᠦ ᠬᠠᠷᠢᠯᠴᠠᠨ ᠰᠤᠷᠤᠯᠴᠠᠵᠤ ᠬᠠᠷᠢᠯᠴᠠᠨ ᠪᠠᠶᠢᠴᠠᠭᠠᠬᠤ ᠠᠵᠢᠯᠯᠠᠭ᠎ᠠ ᠳᠤ ᠢᠳᠡᠪᠬᠢᠲᠡᠢ ᠬᠠᠮᠵᠢᠯᠴᠠᠵᠤ᠂ ᠰᠠᠮᠠᠢ ᠰᠤᠮᠤ ᠳᠤ ᠬᠦᠷᠴᠦ ᠰᠣᠯᠪᠢᠴᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠢᠯᠡᠷᠡᠭᠦᠯᠦᠭᠰᠡᠨ ᠬᠤᠯᠪᠣᠭᠳᠠᠯ ᠪᠦᠬᠦᠢ 6 ᠠᠰᠠᠭᠤᠳᠠᠯ ᠢ ᠴᠠᠭ ᠲᠤᠬᠠᠢ  ᠳᠤᠨᠢ ᠬᠤᠰᠢᠭᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠣᠯᠣᠨ ᠬᠠᠷᠢᠶ᠎ᠠ ᠭᠠᠵᠠᠷ ᠤᠨ ᠬᠠᠤᠯᠢ ᠬᠡᠷᠡᠭᠵᠢᠭᠦᠯᠬᠦ ᠠᠩᠭᠢ ᠳᠤ ᠰᠢᠯᠵᠢᠭᠦᠯᠦᠨ ᠲᠤᠰᠢᠶᠠᠪᠠ᠃ 45 ᠡᠳᠦᠷ ᠤᠨ ᠬᠤᠯᠪᠤᠭᠠᠯᠠᠨ ᠬᠠᠤᠯᠢ ᠬᠡᠷᠡᠭᠵᠢᠭᠦᠯᠬᠦ ᠪᠠᠷ ᠳᠡᠮᠵᠢᠨ ᠮᠠᠨ ᠤ ᠰᠤᠮᠤ ᠲᠣᠭᠲᠠᠭᠠᠯ ᠠᠴᠠ ᠵᠥᠷᠢᠴᠡᠨ ᠮᠠᠯᠵᠢᠭᠰᠠᠨ ᠬᠡᠷᠡᠭ ᠢ ᠨᠡᠶᠢᠲᠡ 4 ᠢ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠪᠠᠷ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠶᠢ ᠪᠡᠶᠡᠯᠠᠬᠦᠯᠪᠡ᠃      ᠲᠠᠷᠠᠭᠠᠴᠢ ᠶᠢᠨ ᠠᠯᠬᠤᠮ ᠳᠤ ᠮᠠᠨ ᠤ ᠠᠩᠭᠢ ᠨᠢ ᠣᠳᠣᠬᠠᠨ ᠤ ᠠᠵᠢᠯ ᠤᠨ ᠳᠤᠮᠳᠠᠬᠢ ᠠᠰᠠᠭᠤᠳᠠᠯ ᠢᠶᠠᠨ ᠦᠷᠭᠦᠯᠵᠢᠯᠡᠨ ᠨᠠᠷᠢᠨ ᠬᠢᠨᠠᠮᠠᠭᠠᠢ ᠡᠮᠬᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠠᠩ ᠰᠠᠶᠢᠨ ᠨᠠᠩ ᠰᠢᠯᠢᠳᠡᠭ ᠢᠶᠠᠷ  ᠪᠡᠶᠡᠯᠡᠭᠦᠯᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号