ᠠᠯᠲᠠᠨᠬᠢᠯᠢ ᠰᠤᠮᠤᠨ ᠤ ᠨᠠᠮ ᠤᠨ ᠬᠤᠷᠢᠶ᠎ᠠ ᠨᠢ ᠬᠤᠰᠢᠭᠤ ᠨᠠᠮ ᠤᠨ ᠬᠤᠷᠢᠶ᠎ᠠ᠂ ᠬᠤᠰᠢᠭᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠲᠣᠬᠢᠷᠠᠭᠤᠯᠭ᠎ᠠ ᠪᠠᠷ᠂ ᠪᠠᠶᠢᠭᠤᠯᠤᠮᠵᠢ ᠶᠢᠨ ᠴᠢᠨᠠᠷᠲᠠᠢ ᠨᠠᠮ ᠤᠨ | ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢᠨ ᠪᠤᠰᠤ ᠴᠢᠨᠠᠷᠲᠠᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠦᠷᠦ ᠶᠢᠨ ᠦᠢᠯᠡᠳᠦᠯ ᠢ ᠭᠦᠢᠴᠡᠳ ᠲᠠᠶᠢᠴᠢᠯᠠᠨ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠠᠵᠢᠯ ᠠᠴᠠ ᠣᠯᠣᠭᠰᠠᠨ ᠡᠷᠬᠢᠮ ᠨᠠᠨᠳᠢᠨ ᠲᠤᠷᠰᠢᠯᠭ᠎ᠠ ᠶᠢ ᠪᠣᠯᠪᠠᠰᠤᠷᠠᠭᠤᠯᠤᠨ ᠳ᠋ᠦᠩᠨᠡᠵᠦ᠂ | ᠬᠢᠯᠢ ᠬᠢᠵᠠᠭᠠᠷ ᠤᠨ ᠦᠨᠳᠦᠰᠦᠨ ᠱᠠᠲᠤᠨ ᠳᠤ ᠨᠠᠮ ᠤᠨ ᠪᠠᠶᠢᠭᠤᠯᠤᠯᠲᠠ ᠶᠢᠨ ︽ᠴᠡᠭ ᠱᠤᠭᠤᠮ ᠲᠠᠯ᠎ᠠ︾ ᠶᠢᠨ | ᠠᠵᠢᠯ ᠤᠨ ᠵᠠᠭᠪᠤᠷ ᠢ ᠭᠦᠨᠵᠡᠭᠡᠢ ᠦᠢᠯᠡᠳᠦᠯᠭᠡᠵᠢᠭᠦᠯᠪᠠ᠃ | ᠰᠤᠮᠤᠨ ᠤ ᠨᠠᠮ ᠤᠨ ᠬᠤᠷᠢᠶ᠎ᠠ ︽ᠬᠠᠮᠲᠤᠷᠠᠭᠰᠠᠨ ᠨᠠᠮ ᠤᠨ ᠪᠠᠶᠢᠭᠤᠯᠤᠯᠲᠠ +︾ ᠵᠠᠭᠪᠤᠷ ᠪᠠᠷ ᠨᠠᠮ ᠵᠠᠰᠠᠭ | ᠴᠡᠷᠢᠭ ᠴᠠᠭᠳᠠᠭ᠎ᠠ ᠠᠷᠠᠳ ᠢ ᠴᠣᠭᠴᠠᠵᠢᠭᠤᠯᠤᠨ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠰᠠᠬᠢᠵᠤ ᠬᠢᠯᠢ | ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠬᠢᠯᠢ ᠶᠢᠨ | ᠬᠠᠮᠠᠭᠠᠯᠠᠯᠲᠠ ᠶᠢᠨ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ 75.41 ᠺᠢᠯᠣᠮᠧᠲᠷ ᠤᠨ | ᠬᠢᠯᠢ ᠶᠢᠨ ᠱᠤᠭᠤᠮ ᠢᠶᠠᠷ ᠬᠠᠷᠢᠭᠤᠴᠠᠯᠭ᠎ᠠ ᠶᠢᠨ ᠬᠡᠰᠡᠭ ᠪᠣᠯᠭᠠᠨ ᠬᠤᠪᠢᠶᠠᠵᠤ᠂ 4 ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠳᠠᠶᠢᠴᠢᠯᠠᠨ᠂ ᠪᠥᠬᠦ ᠰᠤᠮᠤᠨ ᠤ 12 ᠨᠠᠮ ᠤᠨ ᠭᠡᠰᠢᠭᠦᠨ ᠭᠤᠤᠯᠯᠠᠬᠤ ᠡᠷᠦᠬᠡ ᠶᠢᠨ | ᠲᠣᠣᠷᠵᠢᠯ ᠤᠨ ᠲᠣᠭᠤᠷᠢᠭ ᠢ ᠬᠤᠪᠢᠶᠠᠷᠢᠯᠠᠨ ᠲᠣᠭᠲᠠᠭᠠᠵᠤ᠂ 37 ᠬᠤᠪᠢᠰᠬᠠᠯᠲᠤ ᠪᠠᠬᠢᠯᠡᠯᠲᠡ ᠶᠢᠨ ᠡᠷᠦᠬᠡ᠂ 43 | ᠬᠢᠯᠢ ᠶᠢᠨ ᠬᠠᠮᠠᠭᠠᠯᠠᠭᠴᠢ ᠲᠠᠢ ᠬᠠᠮᠲᠤ ᠬᠢᠯᠢ ᠶᠢ ᠬᠤᠯᠪᠤᠭᠠᠯᠠᠨ ᠰᠡᠷᠭᠡᠶᠢᠯᠡᠵᠦ ᠬᠠᠷᠢᠯᠴᠠᠨ ᠬᠥᠳᠡᠯᠦᠯᠴᠡᠬᠦ᠂ ᠬᠢᠯᠢ ᠶᠢᠨ | ᠬᠠᠤᠯᠢ ᠲᠣᠭᠲᠠᠭᠠᠯ ᠢ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ᠂ ᠦᠨᠳᠦᠰᠦᠲᠡᠨ ᠤ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠰᠤᠷᠤᠯᠴᠠᠬᠤ᠂ ᠬᠢᠯᠢ ᠶᠢᠨ ᠬᠤᠯᠪᠤᠭᠠᠯᠠᠨ ᠰᠡᠷᠭᠡᠶᠢᠯᠡᠬᠦ ᠠᠵᠢᠯ ᠤᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠢᠯᠢ | ᠬᠢᠵᠠᠭᠠᠷ ᠤᠨ ᠮᠠᠯᠵᠢᠬᠤ ᠣᠷᠣᠨ ᠳᠤ ᠭᠦᠨᠵᠡᠭᠡᠶᠢᠷᠡᠨ ︽ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ︾ | ᠢᠨᠵᠧᠨᠧᠷᠢᠩ ᠤᠨ ᠠᠵᠢᠯᠯᠠᠭ᠎ᠠ ᠦᠷᠨᠢᠬᠦᠯᠪᠠ᠃ | ᠲᠤᠤᠷᠴᠢᠯᠠᠭᠰᠠᠨ ᠵᠠᠰᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠯᠢ ᠬᠢᠵᠠᠭᠠᠷ ᠤᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠲᠤᠤᠷᠵᠢᠯ ᠬᠢᠭᠡᠳ ᠬᠢᠯᠢ ᠬᠢᠵᠠᠭᠠᠷ ᠤᠨ | ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢᠨ ᠲᠤᠤᠷᠵᠢᠯ ᠤᠨ ︽ᠬᠤᠣᠰ ᠲᠤᠤᠷᠵᠢᠯ ᠤᠨ ᠨᠢᠬᠡᠲᠤᠯ︾ ᠢ | ᠭᠦᠨᠵᠡᠭᠡᠶᠢᠷᠡᠭᠦᠯᠦᠨ᠂ ᠬᠠᠷᠢᠶ᠎ᠠ ᠣᠷᠣᠨ ᠤ ᠬᠢᠯᠢ ᠬᠢᠵᠠᠭᠠᠷ ᠤᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ | ᠪᠠᠬᠢᠵᠢᠭᠦᠯᠵᠦ᠂ ᠬᠢᠯᠢ ᠬᠢᠵᠠᠭᠠᠷ ᠢ ᠶᠡᠷᠦᠩᠬᠡᠶᠢᠯᠡᠨ ᠵᠠᠰᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ | ᠠᠬᠢᠭᠤᠯᠵᠤ᠂ ᠬᠢᠯᠢ ᠬᠢᠵᠠᠭᠠᠷ ᠣᠷᠣᠨ ᠤ ᠶᠡᠷᠦᠩᠬᠡᠶᠢᠯᠡᠨ ᠵᠠᠰᠠᠬᠤ ᠪᠠᠶᠢᠷᠢᠰᠢᠯ ᠢ ᠪᠠᠶᠢᠭᠤᠯᠪᠠ᠃ | ᠲᠠᠷᠠᠭᠠᠴᠢ ᠶᠢᠨ ᠠᠯᠬᠤᠮ ᠳᠤ᠂ ᠰᠤᠮᠤᠨ ᠤ ᠨᠠᠮ ᠤᠨ ᠬᠤᠷᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ᠂ ᠨᠠᠮ ᠤᠨ ᠭᠡᠰᠢᠭᠦᠨ ᠢ ᠤᠯᠠᠮ ᠨᠢᠭᠡ ᠠᠯᠬᠤᠮ ᠵᠣᠬᠢᠶᠠᠨ ᠪᠠᠶᠢᠭᠤᠯᠤᠨ ᠳᠠᠶᠢᠴᠢᠯᠠᠵᠤ᠂ ᠨᠠᠮ ᠵᠠᠰᠠᠭ | ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠢᠯᠢ ᠬᠢᠵᠠᠭᠠᠷ ᠢ ᠶᠡᠷᠦᠩᠬᠡᠶᠢᠯᠡᠨ | ᠵᠠᠰᠠᠬᠤ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠤᠨ᠂ ᠬᠢᠯᠢ ᠬᠢᠵᠠᠭᠠᠷ ᠤᠨ ᠦᠨᠳᠦᠰᠦᠨ ᠱᠠᠲᠤᠨ ᠳᠤ | ᠨᠠᠮ ᠤᠨ ᠪᠠᠶᠢᠭᠤᠯᠤᠯᠲᠠ ᠶᠢᠨ ︽ᠴᠡᠭ ᠱᠤᠭᠤᠮ ᠲᠠᠯ᠎ᠠ︾ ᠶᠢᠨ ᠠᠵᠢᠯ ᠤᠨ ᠵᠠᠭᠪᠤᠷ ᠢ ᠤᠯᠠᠮ ᠨᠢᠬᠡ ᠠᠯᠬᠤᠮ | ᠬᠦᠨᠵᠡᠬᠡᠶᠢᠷᠠᠬᠦᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠡᠯ᠎ᠠ ᠲᠦᠷᠤᠯ ᠤᠨ ᠠᠵᠢᠯ ᠤᠨ ᠭᠤᠤᠯ ᠰᠢᠵᠢᠮ ᠪᠤᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ | ᠬᠢᠯᠢ ᠬᠢᠵᠠᠭᠠᠷ ᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠶᠠᠯᠠᠬᠦᠯᠤᠨ᠎ᠠ᠃ | |