ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠨᠡᠩ ᠯᠠᠪᠳᠠᠭᠤᠨ | ᠪᠦᠲᠦᠮᠵᠢᠲᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠬᠤ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠤᠯᠢᠶᠠᠰᠤᠲᠠᠢ ᠪᠠᠯᠭᠠᠰᠤ ᠨᠢ ︽ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠣᠶ᠎ᠠ︾ ᠭᠤᠣᠯ ᠰᠡᠳᠦᠪᠲᠦ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ | ᠲᠤᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ | ᠬᠦᠨᠲᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠶᠢ ᠠᠬᠢᠭᠤᠯᠬᠤ ᠳᠦᠷᠢᠮ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠠᠯ︾ ᠵᠡᠷᠭᠡ ᠲᠦᠷᠦ ᠶᠢᠨ ᠪᠤᠲᠤᠯᠭ᠎ᠠ ᠬᠠᠤᠯᠢ ᠲᠣᠭᠲᠠᠭᠠᠯ ᠢ ᠤᠬᠠᠭᠤᠯᠪᠠ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠣᠯᠠᠨ ᠲᠦᠮᠡᠨ ᠤ ᠦᠨᠳᠦᠰᠦᠲᠡᠨ ᠤ ᠲᠦᠷᠦ ᠶᠢᠨ | ᠪᠣᠳᠣᠯᠭ᠎ᠠ ᠬᠠᠤᠯᠢ ᠲᠣᠭᠲᠠᠭᠠᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠣᠶᠢᠯᠠᠭᠠᠯᠲᠠ ᠶᠢ | ᠭᠦᠨᠵᠡᠭᠡᠶᠢᠷᠡᠭᠦᠯᠵᠡᠢ᠃ ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ | ᠪᠣᠳᠣᠯᠭ᠎ᠠ ᠶᠢ ᠭᠦᠨᠵᠡᠭᠡᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠠᠬᠢᠭᠤᠯᠵᠤ᠂ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠬᠥᠮᠥᠵᠢᠭᠦᠯᠦᠨ | ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠲᠤᠰᠠ ᠳᠤ ᠦᠨᠡᠨ ᠰᠡᠳᠬᠢᠯ ᠠᠴᠠ ᠪᠠᠨ ᠲᠠᠯᠠᠷᠬᠠᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ |