ᠤᠯᠢᠶᠠᠰᠤᠲᠠᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠣᠳᠠᠭᠠᠨ ᠤ ᠬᠤᠷᠠᠯᠳᠤᠭᠠᠨ ᠲᠠᠭᠦᠰ ᠠᠮᠵᠢᠯᠲᠠ ᠲᠠᠢ ᠬᠤᠷᠠᠯᠳᠤᠪᠠ︕
ᠨᠡᠶᠢᠲᠡᠯᠡᠭᠰᠡᠨ ᠴᠠᠭ᠄
2024/5/30
      5 ᠰᠠᠷ᠎ᠠ ᠶᠢᠨ 9 ᠤ ᠥᠷᠯᠥᠭᠡ᠂ ᠤᠯᠢᠶᠠᠰᠤᠲᠠᠢ ᠪᠠᠯᠭᠠᠰᠤᠨ ᠤ ᠨᠠᠮ ᠤᠨ ᠬᠡᠰᠢᠭᠦᠨ ᠪᠠ ᠠᠷᠠᠳ ᠲᠦᠮᠡᠨ  ᠳᠤ ᠦᠢᠯᠡᠴᠢᠯᠡᠬᠦ ᠲᠦᠪ ᠤᠨ ᠡᠮᠦᠨ᠎ᠡ᠂ ᠤᠯᠠᠭᠠᠨ ᠲᠤᠭ ᠨᠢᠳᠦ ᠬᠢᠯᠠᠰᠤᠮ᠎ᠠ ᠬᠠᠷᠠᠭᠳᠠᠵᠤ᠂ ᠤᠯᠤᠰ ᠤᠨ ᠰᠦᠯᠳᠡ ᠬᠢᠯᠠᠯᠵᠠᠵᠤ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ ᠬᠤᠷᠠᠯ ᠤᠨ ᠲᠤᠬᠠᠢ ᠶᠢᠨ ᠲᠠᠯᠠᠪᠠᠢ ᠳᠤ ᠬᠦᠷᠴᠦ ᠨᠡᠷ᠎ᠡ ᠮᠡᠳᠡᠭᠦᠯᠪᠡ᠃ ᠲᠥᠯᠥᠭᠡᠯᠡᠭᠴᠢᠳ ᠤᠷᠢᠳᠴᠢᠯᠠᠨ ᠪᠡᠯᠡᠳᠬᠡᠭᠰᠡᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠᠨ ᠭᠠᠷ ᠲᠠᠭᠠᠨ ᠪᠡᠷᠢᠨ᠂ ᠪᠥᠬᠦ ᠪᠠᠯᠭᠠᠰᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠠᠴᠢᠶᠠᠯᠠᠵᠤ᠂ ᠲᠥᠪ ᠬᠢᠴᠢᠶᠡᠩᠭᠦᠶ ᠪᠠᠷ ᠬᠤᠷᠠᠯ ᠤᠨ ᠲᠠᠯᠠᠪᠠᠶ ᠳᠤ ᠠᠯᠬᠤᠨ ᠣᠷᠣᠪᠠ᠃      ᠬᠤᠷᠠᠯ ᠠᠴᠠ ᠡᠮᠦᠨ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠬᠤᠷᠠᠯ ᠠᠴᠠ ᠡᠮᠦᠨᠡᠬᠢ ᠪᠣᠯᠪᠠᠰᠤᠷᠠᠯ ᠢ ᠥᠷᠨᠢᠭᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠬᠡᠰᠢᠬᠦᠨ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠢ ᠶᠤᠸᠠᠨ  ᠶᠤᠸᠠᠨ ᠠᠴᠠ 2024 ᠣᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠠᠯᠭᠠᠰᠤᠨ ᠤ ᠨᠠᠮ ᠤᠨ ᠬᠤᠷᠢᠶᠠᠨ ᠤ ᠬᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠲᠦᠮᠡᠨᠪᠠᠶᠡᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯᠪᠠᠰᠤᠷᠠᠯ ᠢ ᠦᠷᠨᠢᠭᠦᠯᠵᠦ᠂ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠰᠢᠬᠦ ᠶᠢ ᠪᠠᠲᠤᠯᠠᠪᠠ᠃      ᠪᠡᠯᠡᠳᠬᠡᠯ ᠬᠤᠷᠠᠯ ᠳᠤ᠂ ᠪᠦᠬᠦ ᠲᠥᠯᠥᠭᠡᠯᠡᠭᠴᠢᠳ ᠪᠣᠯᠤᠨ ᠰᠤᠯᠠ ᠣᠷᠣᠯᠴᠠᠭᠰᠠᠳ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠪᠣᠯᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠤ ᠨᠡᠷᠡᠰ ︵ᠲᠥᠰᠦᠯ︶᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠶᠡᠭᠡ ᠬᠤᠷᠠᠯ ᠤᠨ ᠵᠥᠪᠯᠡᠬᠦ ᠵᠦᠢᠯ ︵ᠲᠥᠰᠦᠯ︶᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶᠂ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ᠪᠣᠯᠤᠨ ᠲᠥᠰᠦᠪ ᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶ ᠢ ᠬᠢᠨᠠᠨ ᠵᠦᠪᠯᠡᠵᠦ ᠪᠠᠲᠤᠯᠠᠪᠠ᠃      ᠲᠠᠷᠠᠭ᠎ᠠ ᠳᠤᠨᠢ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠬᠤᠷᠠᠯ ᠢ ᠬᠤᠷᠠᠯᠳᠤᠭᠤᠯᠵᠤ᠂ ᠰᠠᠨᠠᠯ ᠵᠥᠪᠯᠡᠯᠭᠡ ᠲᠤᠰᠢᠶᠠᠬᠤ ᠶᠢ ᠬᠢᠵᠠᠭᠠᠷᠯᠠᠬᠤ ᠴᠠᠭ ᠬᠤᠭᠤᠴᠠᠭ᠎ᠠ ︵ᠲᠥᠰᠦᠯ︶  ᠶᠢ ᠰᠤᠳᠤᠯᠪᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠢᠨ ᠨᠡᠷᠡᠰ ︵ᠲᠥᠰᠦᠯ︶᠂ ᠶᠡᠭᠡ ᠬᠤᠷᠠᠯ ᠤᠨ ᠪᠠᠶᠢᠩᠭᠤ ᠶᠢᠨ ᠲᠡᠷᠢᠭᠦᠯᠡᠭᠴᠢ ᠶᠢᠨ ᠨᠡᠷᠡᠰ ︵ᠲᠥᠰᠦᠯ︶᠂ ᠶᠡᠭᠡ ᠬᠤᠷᠠᠯ ᠤᠨ ᠡᠳᠦᠷ ᠤᠨ ᠳᠠᠷᠠᠭᠠᠯᠠᠯ    ︵ᠲᠥᠰᠦᠯ︶᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠭᠰᠠᠨ ᠪᠠᠶᠢᠳᠠᠯ ︵ᠲᠥᠰᠦᠯ︶᠂ ᠰᠤᠯᠠ ᠣᠷᠣᠯᠴᠠᠭᠰᠠᠳ ᠤᠨ ᠨᠡᠷᠡᠰ ᠢ ᠬᠢᠨᠠᠨ ᠵᠥᠪᠯᠡᠵᠦ ᠪᠠᠳᠤᠯᠠᠬᠤ ᠶᠢᠨ ᠬᠠᠮᠳᠦ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠲᠤᠰᠢᠶᠠᠬᠤ ᠶᠢ ᠬᠢᠵᠠᠭᠠᠷᠯᠠᠬᠤ ᠴᠠᠭ ᠬᠤᠭᠤᠴᠠᠭ᠎ᠠ ᠶᠢ ᠶᠠᠷᠢᠯᠴᠠᠨ ᠲᠣᠭᠲᠠᠭᠠᠵᠤ᠂ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠰᠢᠢᠳᠪᠦᠷᠢ ᠭᠠᠷᠭᠠᠬᠤ ᠠᠷᠭ᠎ᠠ ︵ᠲᠥᠰᠦᠯ︶ ᠶᠢ ᠲᠤᠷᠠᠳᠪᠠ᠃      ᠬᠤᠷᠠᠯ ᠨᠢ ᠰᠦᠷ ᠵᠢᠪᠬᠤᠯᠠᠩᠲᠤ ᠤᠯᠤᠰ ᠤᠨ  ᠰᠦᠯᠳᠡ ᠳᠠᠭᠤᠤ ᠶᠢᠨ ᠳᠤᠮᠳᠠ ᠦᠪᠡᠳᠡᠭᠰᠢ ᠶᠡᠭᠡ ᠪᠠᠷ ᠡᠬᠢᠯᠡᠪᠡ᠂ ᠶᠡᠭᠡ ᠬᠤᠷᠠᠯ ᠳᠤ ᠤᠷᠤᠯᠴᠠᠬᠤ ᠵᠤᠬᠢᠰᠳᠠᠢ ᠲᠥᠯᠥᠭᠡᠯᠡᠭᠴᠢ  66 ᠨᠡᠷ᠎ᠡ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 51 ᠨᠡᠷ᠎ᠡ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ᠂ 10 ᠨᠡᠷ᠎ᠡ  ᠬᠥᠮᠦᠰ ᠬᠤᠷᠠᠯ ᠳᠤ ᠰᠤᠯᠠ ᠤᠷᠤᠯᠴᠠᠪᠠ᠃ ᠲᠤᠬᠠᠢ ᠶᠢᠨ ᠲᠠᠯᠠᠪᠠᠢ ᠳᠤ ᠢᠷᠡᠭᠰᠡᠨ ᠪᠦᠬᠦ  ᠲᠥᠯᠥᠭᠡᠯᠡᠭᠴᠢᠳ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃ ᠪᠠᠯᠭᠠᠰᠤᠨ ᠤ  ᠠᠷᠠᠳ ᠤᠨ ᠵᠠᠰᠠᠭ ᠤᠨ ᠣᠷᠳᠣᠨ ᠤ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ  ︵ᠲᠥᠰᠦᠯ︶  ᠤᠨ ᠮᠡᠳᠡᠭᠦᠯᠦᠯᠲᠡ ᠶᠢ  ᠬᠢᠨᠠᠨ ᠪᠠᠶᠢᠴᠠᠭᠠᠵᠤ᠂ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ‍ᠤᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠦᠪᠯᠡᠪᠡ᠃      ᠬᠤᠷᠠᠯ ᠠᠴᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠷᠧᠨ ᠱᠣᠤ ᠶᠠᠩ ᠤᠨ ᠤᠯᠢᠶᠠᠰᠤᠲᠠᠶ ᠪᠠᠯᠭᠠᠰᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠪᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦ ᠪᠠᠨ ᠲᠥᠪᠯᠡᠷᠡᠭᠦᠯᠦᠨ᠂ ᠮᠠᠯᠵᠢᠬᠤ ᠣᠷᠣᠨ ᠤ ᠮᠠᠯ ᠠᠵᠦ ᠠᠬᠤᠢ ᠶᠢᠨ ᠬᠥᠭᠵᠢᠯᠲᠡ ᠶᠢ ᠲᠦᠷᠭᠡᠳᠬᠡᠬᠦ   ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃      ᠠᠮᠢ ᠠᠬᠤᠶ ᠶᠢᠨ ᠬᠠᠯᠬᠠᠪᠴᠢ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ᠣᠷᠴᠢᠨ ᠠᠬᠤᠶ ᠶᠢᠨ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠬᠦ ᠠᠵᠢᠯ ᠳᠤ ᠰᠢᠨ᠎ᠡ ᠰᠢᠪᠲᠤᠯᠤᠯᠲᠠ ᠭᠠᠷᠭᠠᠨ᠎ᠠ᠃      ᠬᠤᠲᠠ ᠪᠠᠯᠭᠠᠰᠤ ᠶᠢᠨ ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ ᠤᠨ ᠦᠷᠭᠦᠯᠵᠢᠯᠡᠯ ᠳᠤ ᠬᠦᠴᠦ ᠪᠠᠨ‌‍ᠲ᠋ᠥ᠋ᠪᠯᠡᠷᠡᠭᠦᠯᠦᠨ᠂ ᠬᠤᠲᠠ ᠶᠢᠨ ᠬᠡᠪᠴᠢᠶᠡᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦ ᠪᠠᠨ ᠲᠥᠪᠯᠡᠷᠡᠭᠦᠯᠦᠨ᠂ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠲᠠᠯ᠎ᠠ ᠪᠠᠷ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃      ᠲᠠᠯᠳᠠ ᠬᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠢ ᠪᠠᠳᠤᠯᠠᠬᠤ ᠳᠤ ᠰᠢᠨ᠎ᠡ ᠠᠷᠭ᠎ᠠ ᠬᠡᠮᠵᠢᠶ᠎ᠡ ᠠᠪᠬᠤ ᠬᠡᠷᠡᠭᠲᠡᠶ᠃      ᠠᠷᠠᠳ ᠤᠨ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ        ᠲᠥᠪᠯᠡᠷᠡᠭᠦᠯᠦᠨ᠂ ᠪᠦᠬᠦᠯᠢ ᠴᠣᠭᠴᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠱᠠᠳᠣᠨ  ᠳᠤ ᠭᠠᠷᠬᠤ ᠪᠠᠷ ᠴᠢᠷᠮᠡᠶᠢᠨ᠎ᠠ᠃      ᠬᠤᠷᠠᠯ ᠠᠴᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ  ᠪᠠᠢ ᠶᠤᠸᠠᠨ ᠶᠤᠸᠠᠨ ᠤ  ᠤᠯᠢᠶᠠᠰᠤᠲᠠᠢ  ᠪᠠᠯᠭᠠᠰᠤᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ‍ᠤᠨ‌ᠠᠵᠢᠯ ᠤᠨ ᠮᠡᠳᠡᠭᠦᠯᠦᠯᠲᠡ ᠶᠢ  ᠰᠤᠨᠤᠰᠪᠠ᠃      ᠤᠭ ᠰᠠᠨᠠᠭ᠎ᠠ ᠪᠠᠨ ᠪᠠᠳᠤᠳᠬᠠᠵᠦ᠂ ᠤᠯᠤᠰ ᠲᠥᠷᠥ ᠶᠢ ᠡᠷᠬᠢᠮᠯᠡᠬᠦ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃      ᠲᠠᠯᠠᠷᠬᠠᠯ ᠤᠨ ᠰᠡᠳᠭᠢᠯ᠂ ᠡᠷᠡᠯᠬᠡᠭᠯᠡᠨ ᠤᠷᠤᠭᠰᠢᠯᠠᠬᠤ ᠣᠪᠣᠷ ᠢᠶᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠡᠭᠦᠷᠭᠡ ᠬᠠᠷᠢᠭᠤᠴᠠᠯᠭ᠎ᠠ ᠢ ᠡᠭᠦᠷᠭᠡᠯᠡᠨ᠎ᠡ᠃      ᠠᠷᠠᠳ ᠲᠦᠮᠡᠨ ᠢ ᠡᠷᠬᠢᠮᠯᠡᠬᠦ ᠰᠡᠳᠬᠢᠯᠭᠡ ᠶᠢ ᠡᠪᠦᠷᠯᠡᠵᠦ᠂ ᠬᠥᠭᠵᠢᠯᠲᠡ ᠶᠢᠨ ᠪᠥᠬᠦ ᠶᠠᠪᠤᠴᠠ ᠳᠠᠬᠢ ᠠᠷᠠᠳ ᠤᠨ ᠠᠷᠠᠳᠴᠢᠯᠠᠯ ᠤᠨ ᠲᠠᠯ᠎ᠠ ᠪᠠᠷ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠷᠢᠮᠳᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃      ᠳᠥᠷᠪᠡᠨ ᠲᠥᠯᠥᠭᠡᠯᠡᠭᠴᠢᠳ ᠤᠨ ᠪᠦᠯᠬᠦᠮ ᠲᠤᠰ ᠲᠤᠰ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2024 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠴᠦ ᠰᠢᠢᠳᠪᠦᠷᠢ ᠭᠠᠷᠭᠠᠬᠤ ᠠᠷᠭ᠎ᠠ ︵ᠲᠥᠰᠦᠯ︶ ᠶᠢ ᠶᠠᠷᠢᠯᠴᠠᠪᠠ᠃ ᠶᠡᠷᠦᠩᠬᠡᠶ ᠫᠢᠶᠣᠣ ᠬᠢᠨᠠᠭᠴᠢ᠂ ᠫᠢᠶᠣᠣ ᠬᠢᠨᠠᠭᠴᠢ᠂ ᠫᠢᠶᠣᠣ ᠪᠦᠷᠢᠳᠬᠡᠭᠴᠢ ᠶᠢᠨ ᠨᠡᠷᠡᠰ ︵ᠲᠥᠰᠦᠯ︶ ᠢ ᠶᠠᠷᠢᠯᠴᠠᠵᠤ᠂ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢᠨ  ᠰᠢᠢᠳᠪᠦᠷᠢ ︵ᠲᠥᠰᠦᠯ︶ ᠶᠢ ᠬᠢᠨᠠᠨ ᠵᠦᠪᠯᠡᠪᠡ᠃ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠤ  ᠲᠥᠯᠥᠭᠡᠯᠡᠭᠴᠢᠳ ᠤᠨ  ᠰᠠᠨᠠᠯ  ᠰᠠᠨᠠᠭᠤᠯᠭ᠎ᠠ ᠶᠢ  ᠰᠢᠢᠳᠪᠦᠷᠢᠯᠡᠭᠰᠡᠨ ᠪᠠᠶᠢᠳᠠᠯ  ᠪᠠ  2023 ᠣᠨ  ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃      ᠲᠠᠷᠠᠭ᠎ᠠ ᠨᠢ᠂ ᠲᠥᠰᠦᠪ ᠢ ᠬᠢᠨᠠᠨ ᠪᠠᠶᠢᠴᠠᠭᠠᠬᠤ ᠵᠥᠪᠯᠡᠯ ᠠᠴᠠ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2024 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ ᠶᠢ ᠬᠢᠨᠠᠨ          ᠪᠠᠶᠢᠴᠠᠭᠠᠪᠠ᠃      ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠬᠤᠷᠠᠯᠳᠤᠭᠠᠨ ᠳᠡᠭᠡᠷ᠎ᠡ᠂ ᠵᠦᠪᠯᠡᠯ ᠤᠨ ᠬᠡᠰᠢᠭᠦᠳ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠨ ᠪᠠᠶᠢᠴᠠᠭᠠᠵᠤ᠂ ᠰᠠᠨᠠᠯ ᠰᠠᠨᠠᠭᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠶᠢ ᠪᠦᠷᠢᠳᠤᠭᠦᠯᠪᠡ᠃      ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠶᠠᠷᠢᠯᠴᠠᠭᠰᠠᠨ ᠪᠠᠶᠢᠳᠠᠯ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ ᠰᠢᠢᠳᠪᠦᠷᠢ ᠭᠠᠷᠭᠠᠬᠤ ᠠᠷᠭ᠎ᠠ ︵ᠲᠥᠰᠦᠯ︶ ᠶᠢ ᠶᠠᠷᠢᠯᠴᠠᠭᠰᠠᠨ ᠪᠠᠶᠢᠳᠠᠯ ᠪᠣᠯᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶ ᠶᠢ ᠬᠢᠨᠠᠨ ᠵᠥᠪᠯᠡᠭᠰᠡᠨ ᠮᠡᠳᠡᠭᠦᠯᠦᠯᠲᠡ ᠶᠢ ᠰᠣᠨᠣᠰᠴᠤ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ  ᠶᠢᠨ ᠰᠠᠨᠠᠭᠤᠯᠭ᠎ᠠ   ᠶᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠲᠥᠰᠦᠪ ᠢ ᠬᠢᠨᠠᠨ ᠪᠠᠶᠢᠴᠠᠭᠠᠬᠤ ᠵᠦᠪᠯᠡᠯ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠪᠠ ᠶᠡᠷᠦᠩᠬᠡᠶ ᠫᠢᠶᠣᠣ ᠬᠢᠨᠠᠭᠴᠢ᠂ ᠫᠢᠶᠣᠣ ᠬᠢᠨᠠᠭᠴᠢ᠂ ᠫᠢᠶᠣᠣ ᠪᠦᠷᠢᠳᠬᠡᠭᠴᠢ ᠶᠢᠨ ᠨᠡᠷᠡᠰ ︵ᠲᠥᠰᠦᠯ︶ ᠢ ᠬᠢᠨᠠᠨ ᠵᠦᠪᠯᠡᠵᠦ ᠪᠠᠲᠤᠯᠠᠪᠠ᠃      ᠬᠤᠶᠠᠳᠤᠭᠠᠷ ᠣᠳᠠᠭᠠᠨ ᠤ ᠪᠦᠬᠦᠳᠡ ᠬᠤᠷᠠᠯ ᠳᠡᠭᠡᠷ᠎ᠡ᠂ ᠪᠦᠬᠦ ᠲᠥᠯᠥᠭᠡᠯᠡᠭᠴᠢᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠴᠦ ᠰᠢᠢᠳᠪᠦᠷᠢ ᠭᠠᠷᠭᠠᠬᠤ ᠠᠷᠭ᠎ᠠ         ︵ᠲᠥᠰᠦᠯ︶᠂ ᠶᠡᠷᠦᠩᠬᠡᠢ ᠫᠢᠶᠣᠣ ᠬᠢᠨᠠᠭᠴᠢ᠂ ᠫᠢᠶᠣᠣ ᠬᠢᠨᠠᠭᠴᠢ᠂ ᠫᠢᠶᠣᠣ ᠪᠦᠷᠢᠳᠬᠡᠭᠴᠢ ᠶᠢᠨ ᠨᠡᠷᠡᠰ         ︵ᠲᠥᠰᠦᠯ︶ ᠢ ᠪᠠᠲᠤᠯᠠᠵᠤ᠂  ᠰᠠᠨᠠᠯ ᠵᠦᠪᠯᠡᠯᠭᠡ ᠶᠢ ᠬᠢᠨᠠᠨ ᠪᠠᠢᠴᠠᠭᠠᠬᠤ ᠵᠦᠪᠯᠡᠯ ᠤᠨ ᠰᠠᠨᠠᠯ ᠵᠦᠪᠯᠡᠯᠭᠡ ᠶᠢ ᠬᠢᠨᠠᠨ ᠪᠠᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠣᠨᠣᠰᠴᠤ᠂ ᠡᠯ᠎ᠡ ᠵᠦᠢᠯ   ᠤᠨ ᠠᠵᠢᠯ   ᠤᠨ ᠢᠯᠡᠳᠬᠡᠯ  ᠤᠨ ᠰᠢᠢᠳᠪᠦᠷᠢ ᠶᠢ  ᠪᠠᠲᠤᠯᠠᠪᠠ᠂ 2024  ᠣᠨ ᠤ ᠠᠷᠠᠳ ᠤᠨ ᠠᠮᠢᠳᠤᠷᠠᠯ ᠤᠨ  ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠦᠭᠴᠦ ᠰᠢᠢᠳᠪᠦᠷᠢ ᠭᠠᠷᠭᠠᠪᠠ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠷᠠᠨᠳᠤᠶᠠᠭ᠎ᠠ ᠴᠢᠬᠤᠯᠠᠴᠢᠯᠠᠬᠤ ᠳᠠᠭᠠᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠷᠠᠳ ᠢᠶᠠᠷ ᠦᠨᠳᠦᠰᠦ ᠪᠣᠯᠭᠠᠬᠤ ᠰᠡᠳᠬᠢᠯᠭᠡ ᠶᠢ ᠵᠢᠷᠤᠮᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠦᠯᠦᠭᠡᠯᠡᠭᠴᠢ ᠪᠤᠯᠤᠨ᠎ᠠ︾ ᠭᠡᠬᠦ ᠲᠥᠪ ᠬᠢᠴᠢᠶᠡᠩᠭᠦᠢ ᠲᠠᠩᠭᠠᠷᠢᠭ ᠢᠶᠠᠨ ᠭᠦᠨᠵᠡᠭᠡᠢ           ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠯᠢᠶᠠᠰᠤᠲᠠᠢ ᠪᠠᠯᠭᠠᠰᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ  ᠠᠮᠵᠢᠯᠳᠠ  ᠲᠠᠢ ᠪᠠᠷ ᠲᠡᠭᠦᠰᠪᠡ᠃    
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号