ᠥᠪᠥᠷ ᠮᠣᠩᠭᠤᠯ 8143 ᠲᠦᠮᠡᠨ ᠲᠥᠭᠦᠷᠢᠭ ᠭᠠᠷᠭᠠᠵᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠭᠠᠪᠢᠶᠠᠲᠠᠨ ᠢ ᠱᠠᠩᠨᠠᠨ ᠬᠥᠬᠢᠭᠦᠯᠪᠡ
ᠨᠡᠶᠢᠲᠡᠯᠡᠭᠰᠡᠨ ᠴᠠᠭ᠄
2024/5/6
      ᠰᠠᠶᠢᠨ ᠰᠠᠶᠢᠬᠠᠨ ᠬᠡᠪ ᠵᠠᠩᠰᠢᠯ ᠢ ᠪᠤᠢ ᠪᠤᠯᠭᠠᠬᠤ ᠶᠢᠨ ᠲᠥᠯᠥᠭᠡ ᠭᠠᠪᠢᠶ᠎ᠠ ᠶᠢ ᠨᠢ ᠦᠵᠡᠵᠦ ᠱᠠᠩᠨᠠᠨ ᠬᠥᠬᠢᠭᠦᠯᠵᠦ᠂ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠪᠥᠷ ᠮᠣᠩᠭᠤᠯ ᠦᠨᠡᠨ ᠪᠣᠳᠠᠲᠠᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠪᠢᠶᠠᠲᠠᠨ ᠢ ᠵᠣᠭᠤᠰ ᠮᠥᠩᠭᠦ ᠪᠠᠷ ᠱᠠᠩᠨᠠᠨ ᠬᠥᠬᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ 2023 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠲᠡᠷᠢᠭᠦᠨ ᠤ ᠠᠶᠢᠮᠠᠭ ᠬᠤᠲᠠ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ ᠬᠢᠭᠡᠳ ᠲᠡᠷᠢᠭᠦᠨ ᠤ ᠬᠤᠪᠢ ᠬᠥᠮᠥᠨ ᠢ ᠱᠠᠩᠨᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠣᠰᠣᠭᠠᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠢᠨᠠᠨ ᠰᠢᠯᠭᠠᠬᠤ ᠱᠠᠩᠨᠠᠯ ᠤᠨ ᠪᠡᠯᠡ ᠮᠥᠩᠭᠦ ᠶᠢ 8143.2 ᠲᠦᠮᠡᠨ ᠲᠥᠭᠦᠷᠢᠭ ᠲᠣᠬᠢᠷᠠᠭᠤᠯᠪᠠ᠃      ᠡᠭᠦᠨ ᠳᠤ᠂ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠳᠤ 500 ᠲᠦᠮᠡ — 3000 ᠲᠦᠮᠡᠨ ᠲᠥᠭᠦᠷᠢᠭ ᠤᠨ ᠠᠳᠠᠯᠢ ᠪᠤᠰᠤ ᠬᠡᠮᠵᠢᠶᠡᠨ ᠤ ᠱᠠᠩᠨᠠᠯ ᠣᠯᠭᠤᠪᠠ︔ ᠭᠦᠭᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ 50 ᠲᠡᠷᠢᠭᠦᠨ ᠤ ᠬᠠᠮᠲᠤ ᠶᠢ ᠬᠥᠬᠢᠭᠦᠯᠦᠨ ᠱᠠᠩᠨᠠᠪᠠ︔ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠪᠠᠷ ᠲᠣᠪᠤᠶᠢᠮ᠎ᠠ 100 ᠨᠡᠷᠡᠰ ᠬᠤᠪᠢ ᠬᠥᠮᠥᠨ ᠳᠤ 3000 — 6000 ᠲᠥᠭᠦᠷᠢᠭ ᠤᠨ ᠠᠳᠠᠯᠢ ᠪᠤᠰᠤ ᠬᠡᠮᠵᠢᠶᠡᠨ ᠤ ᠱᠠᠩᠨᠠᠯ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠦ᠋ ᠵᠢᠶᠠᠨ᠂ ᠱᠠᠩᠨᠠᠨ᠎ᠠ ᠭᠡᠰᠡᠨ ᠠᠮᠠᠯᠠᠯᠲᠠ ᠪᠠᠨ ᠪᠡᠶᠡᠯᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ ᠡᠯ᠎ᠡ ᠭᠠᠵᠠᠷ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠢᠳᠡᠪᠬᠢᠵᠢᠯ ᠢ ᠳᠠᠶᠢᠴᠢᠯᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠬᠦ ᠶᠢ ᠵᠣᠷᠢᠭᠰᠠᠨ ᠶᠤᠮ ᠭᠡᠵᠦ ᠪᠠᠶᠢᠯ᠎ᠠ᠃      ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠤᠪᠢ ᠬᠥᠮᠥᠨ᠂ ᠭᠦᠭᠡᠬᠤᠲᠠ ᠶᠢᠨ ᠰᠢᠨ᠎ᠡ ᠬᠤᠳᠠ ᠲᠣᠭᠤᠷᠢᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠭᠤᠤ ᠰᠢᠨ ᠠᠷᠠᠯᠵᠢᠶᠠᠴᠢᠨ ᠤᠷᠢᠬᠤ ᠲᠤᠷᠰᠢᠯᠭ᠎ᠠ ᠪᠠᠨ ᠲᠣᠪᠴᠢ ᠠᠪᠰᠠᠷᠬᠠᠨ ᠢᠶᠠᠷ ᠡᠶᠢᠨ ᠬᠦ ᠳ᠋ᠦᠩᠨᠡᠪᠡ᠄ ︽ᠠᠵᠤ ᠦᠢᠯᠡᠰ ᠤᠨ ᠳᠠᠭᠠᠭᠤᠯᠤᠭᠴᠢ ᠶᠢ ᠣᠷᠣᠭᠤᠯᠤᠨ᠂ ᠡᠬᠢᠨ ᠤ ᠪᠠ ᠡᠴᠦᠰ ᠤᠨ ᠬᠡᠯᠬᠢᠶ᠎ᠡ ᠶᠢ ᠰᠢᠯᠤᠭᠤᠳᠬᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠬᠥᠳᠡᠯᠦᠯᠴᠡᠵᠦ ᠲᠠᠶᠢᠴᠢᠯᠠᠨ᠎ᠡ︾᠃ ᠡᠨᠡ ᠲᠤᠷᠰᠢᠯᠭ᠎ᠠ ᠪᠠᠷ ᠢᠶᠠᠨ 2023 ᠣᠨ ᠳᠤ ᠭᠤᠤ ᠰᠢᠨ ᠲᠡᠭᠦᠨ ᠤ ᠠᠷᠠᠯᠵᠢᠶᠠᠴᠢᠨ ᠤᠷᠢᠬᠤ ᠪᠦᠯᠭᠦᠮ ᠢᠶᠠᠨ ᠳᠠᠭᠠᠭᠤᠯᠤᠨ ᠤᠯᠠᠨ ᠭᠠᠵᠠᠷ ᠢᠶᠠᠷ ᠶᠠᠪᠤᠵᠤ ᠦᠨᠡᠨᠴᠢ ᠪᠠᠷ ᠠᠷᠠᠯᠵᠢᠶᠠᠴᠢᠨ ᠤᠷᠢᠵᠤ᠂ ᠢᠲᠡᠭᠡᠯ ᠢᠶᠠᠷ ᠪᠡᠯᠡ ᠮᠥᠩᠭᠦ ᠣᠷᠣᠭᠤᠯᠤᠨ ᠠᠪᠴᠢᠷᠠᠵᠤ᠂ ᠪᠦᠭᠦ ᠵᠢᠯ ᠳᠤ 158 ᠡᠳᠦᠷ ᠭᠠᠳᠠᠭᠰᠢ ᠭᠠᠷᠴᠤ᠂ ᠳ᠋ᠦᠩᠰᠢᠭᠤᠷ ᠲᠥᠭᠦᠷᠢᠭ ᠠᠴᠠ ᠳᠠᠪᠠᠭᠰᠠᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ 48 ᠣᠷᠣᠭᠤᠯᠤᠨ ᠠᠪᠴᠢᠷᠠᠵᠤ᠂ ᠵᠥᠪᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ ᠨᠢ 360.21 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠡᠭᠦᠷᠭᠡ ᠪᠠᠨ 120%᠎ ᠪᠠᠷ ᠪᠡᠶᠡᠯᠡᠭᠦᠯᠵᠡᠢ᠃      ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ – ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠷᠠᠯᠵᠢᠶᠠᠴᠢᠨ ᠤᠷᠢᠬᠤ ᠠᠵᠢᠯᠲᠠᠨ ᠨᠢᠳᠤᠨᠤᠨ ᠪᠦᠭᠦ ᠤᠯᠤᠰ ᠤᠨ ᠮᠢᠩᠭᠠᠨ ᠴᠠᠭᠢᠯᠭᠠᠨ ᠮᠠᠰᠢᠨ ᠤ ᠠᠵᠤ ᠠᠬᠤᠶᠢᠯᠠᠯ ᠪᠠ ᠵᠠᠭᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠢᠶᠠᠷ ᠬᠦᠷᠴᠦ ᠠᠷᠠᠯᠵᠢᠶᠠᠴᠢᠨ ᠤᠷᠢᠬᠤ ᠠᠵᠢᠯ ᠢ ᠠᠳᠬᠤᠵᠠᠢ᠃ 105 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠱᠤᠸᠠᠩ ᠯᠢᠶᠠᠩ ᠪᠦᠯᠦᠭᠯᠡᠯ ᠤᠨ 50GW᠎ ᠶᠢᠨ ᠳᠠᠩ ᠲᠠᠯᠠᠰᠲᠤ ᠴᠠᠬᠢᠭᠤᠷ ᠤᠨ ᠲᠠᠯᠠᠰᠲᠤ ᠶᠢᠨ ᠲᠥᠷᠦᠯ ᠵᠦᠢᠯ ᠨᠢ ᠲᠣᠰ ᠵᠢᠯ ᠳᠡᠭᠡᠨ ᠠᠵᠢᠯ ᠡᠬᠢᠯᠡᠵᠦ᠂ ᠲᠣᠰ ᠵᠢᠯ ᠳᠡᠭᠡᠨ ᠠᠰᠢᠭᠯᠠᠯᠲᠠ ᠳᠤ ᠣᠷᠣᠪᠠ︔ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ︽ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ︾ ᠳᠡᠭᠡᠳᠦ ᠲᠡᠰ ᠤᠨ ᠲᠣᠨᠣᠭᠯᠠᠯ ᠤᠨ ᠣᠶᠤᠨᠴᠢ ᠦᠢᠯᠡᠳᠬᠦ ᠲᠦᠷᠦᠯ ᠵᠦᠢᠯ ᠵᠡᠷᠭᠡ ᠨᠢᠭᠡ ᠪᠦᠯᠦᠭ ᠴᠢᠨᠠᠷ ᠰᠠᠶᠢᠲᠠᠢ ᠴᠢᠬᠤᠯᠠ ᠶᠡᠭᠡ ᠲᠦᠷᠦᠯ ᠵᠦᠢᠯ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠭᠡᠷ᠎ᠡ ᠲᠣᠭᠲᠠᠵᠤ ᠨᠠᠶᠢᠳᠠᠪᠤᠷᠢᠵᠢᠭᠤᠯᠪᠠ᠃ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠦᠭᠦ ᠵᠢᠯ ᠳᠤ 126 ᠲᠦᠷᠦᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 453.6 ᠳ᠋ᠦᠩᠰᠢᠭᠤᠷ ᠲᠥᠭᠦᠷᠢᠭ ᠲᠤ ᠬᠦᠷᠴᠡᠢ᠃      ︽ᠬᠥᠬᠢᠭᠦᠯᠦᠨ ᠱᠠᠩᠨᠠᠬᠤ ᠨᠢ ᠵᠢᠳᠬᠦᠯ ᠭᠠᠷᠭᠠᠭᠰᠠᠳ ᠢ ᠨᠤᠲᠠᠯᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠱᠠᠩᠨᠠᠯ ᠬᠦᠷᠲᠡᠭᠰᠡᠳ ᠤᠨ ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠣᠯᠣᠨ᠎ᠠ︾᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠴᠧᠨ ᠹᠦ᠋ ᠼᠠᠢ᠂ ᠣᠳᠣᠬᠠᠨ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠢᠨ ᠨᠢᠭᠡᠨᠲᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠲᠠᠯᠠᠰᠲᠤ ᠴᠠᠬᠢᠭᠤᠷ ᠤᠨ ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠡᠷᠭᠡ 20 ᠠᠵᠤ ᠦᠢᠯᠡᠰ ᠤᠨ ᠠᠷᠠᠯᠵᠢᠶᠠᠴᠢᠨ ᠤᠷᠢᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠦᠭᠦ ᠵᠢᠯ ᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ 45᠎ ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ ᠪᠠᠶᠢᠨ᠎ᠠ ᠭᠡᠵᠦ ᠲᠠᠨᠢᠯᠴᠠᠭᠤᠯᠵᠠᠢ᠃      ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠤᠪᠢ ᠬᠥᠮᠥᠨ᠂ ᠣᠷᠳᠣᠰ ᠬᠤᠲᠠ ᠶᠢᠨ ᠦᠦᠰᠢᠨ ᠬᠤᠰᠢᠭᠤᠨ ᠤ ᠬᠤᠰᠢᠭᠤᠨ ᠳᠠᠷᠤᠭ᠎ᠠ ᠰᠢᠨ᠎ᠡ ᠠᠷᠠᠯᠵᠢᠶᠠᠴᠢᠨ ᠤᠷᠢᠬᠤ ᠪᠦᠯᠭᠦᠮ ᠢᠶᠠᠨ ᠳᠠᠭᠠᠭᠤᠯᠤᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠵᠡᠷᠭᠡ 9 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠨᠢᠳᠤᠨᠤᠨ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠲᠤ ᠬᠦᠷᠴᠦ 24 ᠤᠳᠠᠭ᠎ᠠ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ 2400 ᠳ᠋ᠦᠩᠰᠢᠭᠤᠷ ᠲᠥᠭᠦᠷᠢᠭ ᠢ ᠳᠠᠪᠠᠪᠠ᠃      ︽ᠪᠢᠳᠡ ᠢᠷᠠᠭᠤ ᠠᠯᠳᠠᠷ ᠢᠶᠠᠨ ᠮᠠᠰᠢ ᠨᠠᠨᠳᠢᠩᠨᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ︾᠃ ᠰᠢᠨ᠎ᠡ 2024 ᠣᠨ ᠳᠤ ᠦᠦᠰᠢᠨ ᠬᠤᠰᠢᠭᠤ ᠦᠷᠭᠦᠯᠵᠢᠯᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ᠂ ᠪᠦᠭᠦ ᠵᠢᠯ ᠤᠨ ᠣᠷᠣᠭᠤᠯᠤᠨ ᠠᠪᠴᠢᠷᠠᠭᠰᠠᠨ ᠪᠡᠯᠡ ᠮᠥᠩᠭᠦ ᠶᠢ ᠠᠳᠠᠯᠢ ᠬᠤᠭᠤᠴᠠᠭᠠᠨ ᠤ ᠬᠢ ᠠᠴᠠ 22%᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠱᠠᠩᠨᠠᠯ ᠣᠯᠣᠭᠰᠠᠨ ᠳᠠᠭᠠᠨ ᠳᠣᠭᠳᠣᠯᠤᠨ ᠶᠠᠷᠢᠨ᠎ᠠ᠃      ︽ᠲᠠᠷᠠᠭᠠᠴᠢ ᠶᠢᠨ ᠠᠯᠬᠤᠮ ᠳᠤ᠂ ᠪᠢᠳᠡ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠤᠬᠠᠢ ᠬᠢᠨᠠᠨ ᠰᠢᠯᠭᠠᠵᠤ ᠱᠠᠩᠨᠠᠬᠤ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠷᠢᠭᠦᠨ ᠤ ᠬᠢ ᠶᠢ ᠤᠷᠮᠠᠰᠢᠭᠤᠯᠬᠤ᠂ ᠥᠯᠢᠭᠡᠷ ᠳᠠᠭᠤᠷᠢᠶᠠᠯ ᠦᠵᠡᠭᠦᠯᠭᠦ ᠪᠠᠷ ᠳᠠᠮᠵᠢᠨ᠂ ᠪᠦᠭᠦ ᠣᠷᠣᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠳᠤ ᠨᠠᠩ ᠣᠯᠠᠨ ᠬᠦᠴᠦᠨ ᠨᠡᠮᠡᠷᠢᠯᠡᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠤ ᠠᠬᠤᠢ ᠠᠷᠠᠯᠵᠢᠶᠠᠨ ᠤ ᠭᠠᠵᠠᠷ ᠤᠨ ᠳᠠᠷᠤᠭ᠎ᠠ ᠲᠦᠩ ᠯᠢᠶᠠᠨ ᠳ᠋ᠢ ᠶᠠᠷᠢᠵᠤ ᠪᠠᠶᠢᠯ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号