4 ᠰᠠᠷ᠎ᠠ ᠶᠢᠨ 16 ᠤ ᠡᠳᠦᠷ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ | ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠪᠠᠶᠢᠩᠭᠤ | ᠶᠢᠨ ᠬᠤᠷᠢᠶᠠᠨ ᠤ ᠡᠯ᠎ᠡ ᠳᠡᠳ᠋ ᠡᠷᠬᠢᠯᠡᠭᠴᠢ ᠵᠢᠴᠢ ᠭᠡᠰᠢᠭᠦᠳ ᠬᠤᠷᠠᠯ ᠳᠤ ᠣᠷᠣᠯᠴᠠᠪᠠ ᠃ | ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦ ᠬᠤᠰᠢᠭᠤᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠮᠡᠳᠡᠭᠦᠯᠦᠯᠲᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠥᠷᠨᠢᠭᠦᠯᠦᠭᠰᠡᠨ ᠪᠠᠶᠢᠳᠠᠯ | ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ | ᠭᠤᠤᠯᠳᠠᠯᠭ᠎ᠠ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠬᠤᠪᠢ | ᠬᠤᠷᠠᠮᠳᠤᠭᠤᠯᠬᠤ ᠲᠦᠷᠢᠮ ᠤᠨ ᠠᠷᠭ᠎ᠠ ( ᠲᠥᠰᠦᠯ )᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠬᠤᠪᠢ | ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢᠨ ᠠᠷᠭ᠎ᠠ ( ᠲᠥᠰᠦᠯ ) ᠶᠢ ᠬᠢᠨᠠᠨ ᠵᠥᠪᠯᠡᠵᠦ ᠪᠠᠲᠤᠯᠠᠪᠠ ᠃ | ᠬᠤᠷᠠᠯ ᠠᠴᠠ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ | ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠲᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ | ᠶᠢ ᠡᠷᠡᠰ ᠡᠭᠦᠷᠭᠡᠯᠡᠨ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠳᠦᠷᠢᠮ ᠢ | ᠴᠢᠩᠭ᠎ᠠ ᠨᠠᠶᠢᠲᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠪᠦᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠢᠷᠠᠬᠤ ᠶᠢ ᠠᠬᠢᠭᠤᠯᠤᠨ᠂ ᠣᠷᠴᠢᠨ ᠲᠣᠭᠤᠷᠢᠨ ᠤ ᠶᠠᠰᠤ ᠴᠢᠨᠠᠷ ᠤᠨ ᠭᠦᠶᠴᠡᠳᠬᠡᠯ ᠲᠤᠭ᠎ᠠ ᠲᠣᠭᠲᠠᠭᠤᠨ ᠢᠶᠠᠷ | ᠳᠡᠭᠡᠭᠰᠢᠯᠡᠵᠦ᠂ ᠡᠯ᠎ᠡ ᠵᠦᠢᠯ ᠤᠨ ᠠᠵᠢᠯ ᠢᠳᠡᠪᠬᠢᠲᠡᠢ ᠠᠬᠢᠴᠠ ᠲᠠᠢ ᠪᠣᠯᠪᠠ ᠭᠡᠵᠡᠢ ᠃ | ᠬᠤᠷᠠᠯ ᠠᠴᠠ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠢ | ᠦᠷᠭᠦᠯᠵᠢᠯᠡᠨ ᠴᠢᠩᠭᠠᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ | ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠯᠠᠪᠳᠠᠭᠤᠨ ᠪᠠᠲᠤᠲᠠᠶ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ ᠦᠵᠦᠮᠦᠴᠢᠨ ᠤ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠡᠷᠭᠡ ᠢᠨᠵᠧᠨᠧᠷᠢᠩ ᠢ ᠰᠠᠶᠢᠲᠤᠷ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ | ᠨᠡᠶᠢᠳᠡᠮ ᠤᠨ ᠠᠰᠠᠭᠤᠳᠠᠯ ᠢ ᠵᠠᠰᠠᠬᠤ ᠶᠢ ᠬᠠᠷᠢᠯᠴᠠᠨ ᠤᠶᠠᠯᠳᠤᠭᠤᠯᠬᠤ᠂ ᠱᠠᠲᠤᠴᠢ ᠴᠢᠨᠠᠷᠲᠠᠶ ᠪᠠᠷ ᠵᠠᠰᠠᠬᠤ ᠪᠠ | ᠣᠷᠳᠣ ᠬᠤᠭᠤᠴᠠᠭ᠎ᠠ ᠪᠠᠷ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠣᠨᠣᠪᠴᠢᠲᠠᠶ ᠪᠠᠷ | ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ | ᠵᠠᠰᠠᠬᠤ ᠶᠢ ᠪᠠᠷᠢᠮᠲᠠᠯᠠᠵᠤ᠂ ᠭᠤᠶᠣ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢᠶᠠᠷ ᠣᠯᠠᠨ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠠᠷᠢᠭᠤ ᠦᠭᠬᠦ ᠬᠡᠷᠡᠭᠲᠡᠢ ᠭᠡᠪᠡ ᠃ | ᠬᠤᠷᠠᠯ ᠠᠴᠠ ᠴᠢᠬᠤᠯᠠᠴᠢᠯᠠᠬᠤ ᠳᠠᠭᠠᠨ᠂ 《 ᠵᠡᠭᠦᠨ ᠦᠵᠦᠮᠦᠴᠢᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠡᠭᠦᠷᠭᠡ ᠲᠤᠰᠢᠶᠠᠯ ᠢᠶᠠᠨ | ᠭᠦᠶᠴᠡᠳᠬᠡᠬᠦ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ 》 ᠶᠢ ᠴᠢᠩᠭ᠎ᠠ | ᠨᠠᠶᠢᠳᠠᠪᠤᠷᠢᠵᠢᠭᠤᠯᠵᠤ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂《ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ | ᠶᠢᠨ ᠠᠷᠭ᠎ᠠ 》 ᠶᠢ ᠴᠢᠩᠭ᠎ᠠ ᠬᠡᠷᠡᠭᠵᠢᠭᠦᠯᠵᠦ᠂ ᠬᠤᠪᠢ ᠬᠤᠷᠠᠮᠳᠤᠭᠤᠯᠬᠤ ᠶᠢ ᠵᠠᠷᠯᠠᠨ ᠨᠡᠶᠢᠲᠡᠯᠡᠬᠦ ᠠᠵᠢᠯ ᠢ | ᠨᠠᠶᠢᠲᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ | 《 123456 》ᠪᠠ《 4115 》 ᠶᠢᠨ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ | ᠬᠠᠷᠠᠯᠲᠠ ᠪᠠᠨ ᠲᠤᠭᠲᠠᠭᠠᠨ᠂ ᠭᠤᠤᠯᠳᠠᠯᠭ᠎ᠠ ᠶᠢ ᠳᠤᠪᠤᠶᠢᠯᠭᠠᠵᠤ᠂ ᠪᠤᠰᠢᠭᠤ ᠠᠵᠢᠯᠯᠠᠨ᠂ ᠠᠵᠢᠯ ᠤᠨ ᠭᠠᠷᠳᠠᠬᠤ ᠴᠡᠭ | ᠪᠠ ᠬᠦᠴᠦᠯᠡᠬᠦ ᠴᠡᠭ ᠢ ᠣᠨᠣᠪᠴᠢᠲᠠᠶ ᠪᠤᠳᠠᠳᠠᠢ ᠡᠵᠡᠮᠳᠡᠨ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠱᠠᠭᠠᠷᠳᠠᠨ | ᠰᠢᠢᠳᠪᠦᠷᠢᠯᠡᠭᠦᠯᠬᠦ ᠠᠵᠢᠯ ᠢ ᠰᠠᠶᠢᠲᠤᠷ ᠬᠢᠵᠦ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ 87 ᠬᠤᠪᠢ | ᠲᠥᠯᠥᠭᠡᠯᠡᠭᠴᠢᠳ ᠤᠨ ᠰᠠᠨᠠᠭᠤᠯᠭ᠎ᠠ ᠶᠢ ᠴᠠᠭ ᠲᠤᠬᠠᠶ ᠳᠤᠨᠢ ᠬᠠᠷᠢᠭᠤᠯᠲᠠ ᠦᠭᠬᠦ ᠶᠢ ᠪᠠᠲᠤᠯᠠᠵᠤ᠂ ᠡᠯ᠎ᠡ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠭᠦᠶᠴᠡᠨ ᠳᠠᠪᠠᠵᠤ ᠭᠠᠷᠬᠤ ᠤᠬᠠᠮᠰᠠᠷ ᠢ ᠪᠣᠶ | ᠪᠤᠯᠭᠠᠨ᠂ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠳᠤᠲᠠᠭᠤᠳᠠᠯ ᠢ ᠨᠦᠬᠦᠪᠦᠷᠢᠯᠡᠨ᠂ ᠰᠤᠷᠲᠠᠯ | ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ《 | ᠨᠠᠷᠢᠨ ᠬᠢᠨᠠᠮᠠᠭᠠᠶ ᠪᠡᠶᠡᠯᠡᠭᠦᠯᠵᠦ᠂ ᠴᠠᠭ ᠲᠤᠬᠠᠶ ᠳᠤᠨᠢ ᠪᠡᠶᠡᠯᠡᠭᠦᠯᠦᠨ᠂ ᠳᠠᠷᠤᠶ ᠲᠦᠷᠭᠡᠨ ᠪᠡᠶᠡᠯᠡᠭᠦᠯᠬᠦ 》ᠠᠵᠢᠯ ᠤᠨ | ᠰᠤᠷᠲᠠᠯ ᠢ ᠪᠤᠢ ᠪᠤᠯᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠡᠰᠢᠭᠦᠨ ᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠥᠷᠨᠢᠭᠦᠯᠦᠭᠰᠡᠨ ᠡᠯ᠎ᠡ ᠲᠥᠷᠥᠯ ᠤᠨ | ᠠᠵᠢᠯᠯᠠᠭ᠎ᠠ ᠳᠤ ᠢᠳᠡᠪᠬᠢᠲᠡᠶ ᠤᠷᠤᠯᠴᠠᠨ᠂ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠴᠢᠨᠠᠷ ᠰᠠᠶᠢᠲᠠᠶ | ᠪᠡᠶᠡᠯᠡᠭᠦᠯᠬᠦ ᠬᠡᠷᠡᠭᠲᠡᠶ ᠭᠡᠵᠡᠢ ᠃ | ᠬᠤᠰᠢᠭᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ ᠳᠠᠷᠤᠭ᠎ᠠ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ ᠶᠢᠨ ᠵᠡᠭᠦᠨ | ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠠᠷᠠᠳ | ᠤᠨ ᠬᠠᠷᠢᠶᠠᠳᠤ ᠶᠢᠨ ᠠᠵᠢᠯ ᠤᠨ ᠵᠥᠪᠯᠡᠯ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠵᠥᠪᠯᠡᠯ ᠤᠨ | ᠬᠠᠷᠢᠭᠤᠴᠠᠯᠭᠠᠲᠠᠨ ᠨᠥᠬᠦᠳ ᠪᠠ ᠬᠡᠰᠡᠭ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ ᠃ |