ᠮᠠᠨ ᠤ ᠬᠤᠰᠢᠭᠤᠨ ᠤ 2024 ᠣᠨ ᠤ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭᠠᠳᠤ ᠲᠥᠷᠥᠯ ᠵᠦᠶᠯ ᠠᠵᠢᠯ ᠡᠬᠢᠯᠡᠪᠡ
ᠨᠡᠶᠢᠲᠡᠯᠡᠭᠰᠡᠨ ᠴᠠᠭ᠄
2024/5/6
      4 ᠰᠠᠷ᠎ᠠ ᠶᠢᠨ 18 ᠤ ᠡᠳᠦᠷ᠂ ᠮᠠᠨ ᠤ ᠬᠤᠰᠢᠭᠤᠨ ᠤ 2024 ᠣᠨ ᠤ ᠴᠢᠨᠠᠷ ᠰᠠᠶᠢᠲᠠᠶ ᠬᠥᠭᠵᠢᠯᠲᠡ  ᠶᠢᠨ ᠭᠤᠤᠯᠳᠠᠯᠭᠠᠳᠤ ᠲᠥᠷᠥᠯ ᠵᠦᠶᠯ ᠤᠨ ᠠᠵᠢᠯ ᠡᠬᠢᠯᠡᠭᠦᠯᠬᠦ ᠶᠣᠰᠣᠯᠠᠯ ᠵᠢᠢ ᠳ᠋ᠢᠶᠠᠨ ᠪᠣᠭᠤᠮᠲᠠ ᠶᠢᠨ ᠵᠠᠭᠤᠨ ᠲᠦᠮᠡᠨ ᠲᠣᠨ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠶᠠᠪᠤᠭᠳᠠᠪᠠ᠃      ᠣᠶᠢᠯᠠᠭᠠᠭᠰᠠᠨ ᠢᠶᠠᠷ᠂ 2024 ᠣᠨ ᠳᠤ ᠮᠠᠨ ᠤ ᠬᠤᠰᠢᠭᠤ 52 ᠭᠤᠤᠯᠳᠠᠯᠭᠠᠳᠤ ᠲᠥᠷᠥᠯ ᠵᠦᠶᠯ ᠢ ᠳᠣᠭᠢᠷᠠᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 104.82 ᠳ᠋ᠦᠩᠰᠢᠭᠤᠷ ᠲᠥᠭᠦᠷᠢᠭ ᠪᠣᠯᠤᠨ᠎ᠠ᠂ ᠡᠭᠦᠨ  ᠳᠤ ᠰᠢᠨ᠎ᠡ ᠪᠠᠷ ᠪᠠᠶᠢᠭᠤᠯᠬᠤ ᠲᠥᠷᠥᠯ ᠵᠦᠶᠯ 30᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ 22 ᠪᠣᠶ᠃ ᠥᠨᠥᠳᠦᠷ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ 31 ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ  ᠨᠢ 20.69 ᠳ᠋ᠦᠩᠰᠢᠭᠤᠷ ᠲᠥᠭᠦᠷᠢᠭ᠃ ᠡᠨᠡ ᠵᠢᠯ ᠤᠨ ᠭᠤᠤᠯᠳᠠᠯᠭᠠᠳᠤ ᠲᠥᠷᠥᠯ ᠵᠦᠶᠯ ᠳᠤ ᠬᠤᠰᠢᠭᠤ ᠪᠠᠨ ᠬᠦᠴᠦᠷᠬᠡᠭᠵᠢᠭᠦᠯᠬᠦ ᠲᠤᠯᠭᠠᠭᠤᠷᠢᠯᠠᠬᠤ ᠴᠢᠨᠠᠷᠲᠠᠶ ᠪᠣᠭᠤᠮᠲᠠ ᠶᠢᠨ ᠪᠠᠷᠠᠭᠠᠨ ᠤ ᠭᠦᠶᠯᠭᠡᠭᠡᠨ ᠤ ᠲᠥᠷᠥᠯ ᠵᠦᠶᠯ ᠪᠠᠶᠢᠬᠤ ᠪᠠᠷ ᠪᠠᠷᠠᠬᠤ ᠥᠬᠡᠶ ᠪᠠᠰᠠ ᠠᠷᠠᠳ ᠲᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠲᠥᠷᠥᠯ ᠵᠦᠶᠯ ᠪᠣᠶ᠂ ᠡᠲᠡᠭᠡᠷ ᠲᠥᠷᠥᠯ ᠵᠦᠶᠯ ᠢ ᠬᠡᠷᠡᠭᠵᠢᠭᠦᠯᠦᠭᠰᠡᠨ ᠨᠢ ᠵᠡᠭᠦᠨ ᠬᠠᠲᠠᠪᠴᠢ ᠪᠣᠭᠤᠮᠲᠠ ᠶᠢᠨ ᠠᠵᠤ ᠠᠬᠤᠶ ᠶᠢ ᠬᠥᠭᠵᠢᠭᠦᠯᠬᠦ ᠪᠠ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠰᠢᠰᠲ᠋ᠧᠮ ᠢ ᠪᠠᠶᠢᠭᠤᠯᠬᠤ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠬᠦ ᠪᠥᠭᠡᠳ ᠪᠥᠬᠦ ᠬᠤᠰᠢᠭᠤᠨ ᠤ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠦᠴᠦᠲᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠬᠥᠳᠡᠯᠭᠡᠬᠦ ᠡᠨᠧᠷᠭᠢ ᠨᠡᠮᠡᠷᠢᠯᠡᠬᠦ  ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号