ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/6
      4 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶ  ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠵᠧᠦ ᠢᠦᠢ ᠯᠦᠩ ᠴᠢᠬᠤᠯᠠᠴᠢᠯᠠᠬᠤ ᠳᠠᠭᠠᠨ᠂ ᠡᠯ᠎ᠡ ᠠᠵᠤ ᠠᠬᠤᠶᠢᠯᠠᠯᠲᠠᠨ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠡᠮᠡᠭᠳᠡᠯ ᠢ ᠲᠣᠭᠲᠠᠪᠤᠷᠢᠵᠢᠭᠤᠯᠬᠤ ᠬᠡᠷᠡᠭᠲᠡᠢ᠃ ᠪᠦᠬᠦ ᠵᠢᠯ ᠪᠠ ᠬᠤᠶᠢᠰᠢᠳᠠ ᠶᠢᠨ ︽ᠰᠠᠭᠤᠷᠢ ᠲᠠᠯᠪᠢᠬᠤ︾ ᠶᠢ ᠪᠣᠳᠣᠯᠬᠢᠯᠠᠨ᠂ ᠠᠷᠭ᠎ᠠ ᠪᠦᠬᠦᠨ ᠢ ᠰᠦᠪᠡᠭᠴᠢᠯᠡᠨ ᠬᠡᠯᠪᠡᠷᠢ  ᠪᠠᠨ ᠬᠤᠪᠢᠷᠠᠭᠤᠯᠬᠤ ᠶᠢ ᠠᠬᠢᠭᠤᠯᠵᠤ᠂ ᠵᠣᠷᠢᠭᠲᠠᠢ ᠪᠠᠷ ᠵᠠᠮ ᠨᠡᠭᠡᠭᠡᠵᠦ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ︽ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠰᠢᠨ᠎ᠡ ᠶᠢ ᠡᠭᠦᠳᠬᠦ ᠶᠢ ᠡᠷᠢᠯᠬᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠭᠤᠣᠯᠯᠠᠬᠤ ᠦᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠭᠵᠢᠯᠲᠡ ᠶᠢ ᠲᠦᠷᠭᠡᠳᠬᠡᠬᠦ ᠰᠢᠨ᠎ᠡ ᠵᠠᠮ ᠢ ᠨᠡᠭᠡᠭᠡᠬᠦ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠪᠠᠶᠢᠳᠠᠯ ᠢ ᠲᠣᠳᠣᠷᠬᠠᠶ ᠲᠠᠨᠢᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠰᠢᠰᠲ᠋ᠧᠮ ᠲᠠᠢ ᠪᠤᠯᠪᠠᠰᠤᠷᠠᠯ ᠤᠨ ᠦᠶᠯᠡᠴᠢᠯᠡᠭᠡ ᠶᠢ ᠰᠠᠶᠢᠲᠤᠷ ᠬᠢᠵᠦ᠂ ᠲᠤᠬᠠᠶ ᠶᠢᠨ ᠲᠠᠯᠠᠪᠠᠶ  ᠶᠢᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠳᠤ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠬᠡᠮᠵᠢᠶ᠎ᠡ ᠶᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠂ ᠪᠥᠬᠦ ᠬᠤᠰᠢᠭᠤᠨ ᠤ ᠠᠵᠤ ᠦᠶᠯᠡᠳᠪᠦᠷᠢ ᠶᠢᠨ ᠠᠵᠤ ᠠᠬᠤᠶ ᠶᠢᠨ ᠦᠨᠳᠦᠰᠦᠨ ᠪᠠᠶᠢᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠲᠣᠭᠲᠠᠪᠤᠷᠢᠵᠢᠭᠤᠯᠬᠤ ᠬᠡᠷᠡᠭᠲᠡᠶ ᠭᠡᠪᠡ  ᠃      ᠵᠧᠦ ᠢᠦᠢ ᠯᠦᠩ ᠱᠠᠭᠠᠷᠳᠠᠬᠤ ᠳᠠᠭᠠᠨ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠤᠯᠠᠭᠠᠨ ᠱᠤᠭᠤᠮ  ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠶᠢᠪᠤᠰᠢᠷᠠᠨ ᠰᠤᠯᠠᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ  ᠭᠡᠵᠡᠢ᠃      ᠬᠤᠷᠠᠯ ᠳᠡᠭᠡᠷ᠎ᠡ᠂ ᠬᠤᠩ ᠪᠥᠸᠧ ᠠᠭᠤᠷᠬᠠᠶ ᠶᠢᠨ ᠦᠶᠯᠡᠰ᠂ ᠱᠠᠨ ᠰᠢ ᠶᠢᠨ ᠢᠦᠢ ᠯᠢᠨ ᠤ ᠺᠠᠩ ᠯᠦᠩ ᠡᠨᠧᠷᠭᠢ᠂ ᠱᠠᠨᠳᠦ᠋ᠩ ᠤᠨ ᠬᠤᠸᠠᠩ ᠶᠢᠨ ᠠᠷᠤᠬᠠᠳᠠ᠂ ᠷᠦᠩ ᠭᠤᠸᠠᠨ ᠠᠭᠤᠷᠬᠠᠶ ᠶᠢᠨ ᠦᠶᠯᠡᠰ᠂ ᠢᠦᠢ ᠲᠦᠩ ᠠᠵᠤ ᠦᠶᠯᠡᠰ ᠤᠨ ᠬᠢᠵᠠᠭᠠᠷᠲᠤ ᠺᠣᠮᠫᠠᠨᠢ᠂ ᠶᠢᠨ ᠲᠠᠢ ᠠᠭᠤᠷᠬᠠᠶ ᠶᠢᠨ ᠦᠶᠯᠡᠰ ᠵᠡᠷᠭᠡ 6 ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠠᠰ ᠳᠠᠷᠠᠭᠠᠯᠠᠨ  ᠶᠠᠷᠢᠶ᠎ᠠ ᠲᠠᠯᠪᠢᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ  ᠢ ᠵᠠᠳᠠᠯᠵᠤ᠂ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢᠨ ᠲᠤᠬᠠᠶ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠪᠠ᠃ ᠬᠤᠷᠠᠯ ᠳᠤ ᠣᠷᠣᠯᠴᠠᠭᠰᠠᠨ ᠪᠤᠰᠤᠳ ᠠᠵᠤ ᠠᠬᠤᠶᠢᠯᠠᠯ ᠪᠢᠴᠢᠭ ᠤᠨ ᠬᠡᠯᠪᠡᠷᠢ ᠪᠠᠷ ᠣᠳᠣᠬᠠᠨ ᠤ ᠲᠣᠰ ᠲᠣᠰ ᠤᠨ ᠠᠵᠤ ᠠᠬᠤᠶᠢᠯᠠᠯ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠪᠣᠯᠤᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠦ ᠲᠣᠳᠣᠷᠬᠠᠶᠢᠯᠠᠯᠲᠠ  ᠬᠢᠵᠡᠢ᠃      ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号