ᠮᠠᠨ ᠤ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ 2024 ᠣᠨ ᠤ ᠳᠥᠷᠪᠡᠳᠦᠭᠡᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/9
      ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠶ ᠦᠶᠯᠡᠳᠪᠦᠷᠢᠯᠡᠯ ᠤᠨ ᠠᠵᠢᠯ  ᠤᠨ ᠪᠠᠶᠢᠷᠢᠯᠠᠭᠤᠯᠤᠯᠲᠠ ᠶᠢᠨ ᠲᠤᠬᠠᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ‌‍ᠤ ᠪᠦᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠢ ᠵᠠᠳᠠᠯᠤᠨ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠤᠯᠳᠠᠯᠭ᠎ᠠ  ᠲᠠᠢ ᠠᠵᠢᠯ ᠵᠢᠴᠢ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠬᠤ ᠶᠢᠨ ᠲᠦᠯᠦᠭᠡ᠂ 4 ᠰᠠᠷ᠎ᠠ ᠶᠢᠨ 19 ᠤ ᠡᠳᠦᠷ᠂ ᠮᠠᠨ ᠤ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ 2024 ᠣᠨ ᠤ ᠳᠥᠷᠪᠡᠳᠦᠭᠡᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ  ᠤᠨ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠳᠡᠳ᠋ ᠬᠤᠰᠢᠭᠤ ᠳᠠᠷᠤᠭ᠎ᠠ ᠰᠡᠴᠡᠨ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠵᠦ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠨᠠᠷ ᠠᠴᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠵᠧᠦ ᠢᠦᠢ ᠯᠦᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠬᠠᠷᠢᠶ᠎ᠠ ᠣᠷᠣᠨ ᠤ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ︽ᠲᠠᠪᠤ ᠶᠢᠨ ᠣᠶᠢᠷ᠎ᠠ ᠬᠠᠪᠢ ᠶᠢ ᠪᠦᠬᠦ ᠲᠠᠯ᠎ᠠ ᠪᠠᠷ ᠴᠡᠪᠡᠷᠯᠡᠵᠦ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠲᠤᠭᠤᠰᠢᠯᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠠᠶᠤᠯᠭᠦᠶ ᠦᠶᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠲᠤᠰᠬᠠᠶ ᠰᠡᠳᠦᠪᠲᠦ ᠠᠮᠤᠷ ᠲᠦᠪᠰᠢᠨ ᠤ ᠪᠣᠯᠪᠠᠰᠤᠷᠠᠯ᠂ ᠬᠦᠨᠳᠦ ᠶᠡᠭᠡ ᠬᠡᠮ ᠰᠣᠭᠤᠭ ᠤᠨ ᠠᠳᠡᠯ ᠢ ᠵᠢᠭᠰᠠᠭᠠᠨ ᠪᠠᠶᠢᠴᠠᠭᠠᠬᠤ᠂ ᠠᠵᠢᠯ ᠡᠷᠬᠢᠯᠡᠭᠴᠢᠳ ᠤᠨ ᠠᠮᠤᠷ ᠲᠦᠪᠰᠢᠨ ᠤ ᠬᠡᠪ ᠪᠣᠯᠪᠠᠰᠤᠷᠠᠯ ᠴᠢᠳᠠᠪᠤᠷᠢ  ᠶᠢ ᠳᠡᠭᠡᠭᠰᠢᠯᠡᠭᠦᠯᠬᠦ ᠵᠡᠷᠭᠡ ᠵᠠᠰᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠰᠢᠭᠤᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠨᠢᠭᠡᠴᠢ ᠵᠡᠷᠭᠡ ᠬᠡᠪᠴᠢᠶᠡᠵᠢᠯ ᠠᠴᠠ ᠳᠣᠷᠣᠭᠰᠢᠬᠢ ᠡᠵᠡᠩᠨᠡᠯᠲᠡ ᠶᠢᠨ ᠨᠢᠭᠡᠴᠢ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠣᠯᠤᠨ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ ᠶᠡᠭᠡ ᠪᠠᠶᠢᠴᠠᠭᠠᠯᠲᠠ ᠶᠢᠨ ᠠᠵᠢᠯ ᠢ ᠰᠠᠶᠢᠲᠤᠷ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠡᠭᠦᠰᠴᠦ ᠪᠠᠶᠢᠭ᠎ᠠ ᠪᠠᠶᠢᠳᠠᠯ ᠳᠤᠨᠢ ᠠᠷᠢᠯᠭᠠᠵᠤ᠂       ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠡᠯ᠎ᠡ ᠲᠦᠷᠦᠯ ᠤᠨ ᠬᠦᠨᠳᠦ ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ       ᠭᠡᠵᠡᠢ᠃      ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ  ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号