| | 4 ᠰᠠᠷ᠎ᠠ ᠶᠢᠨ 18 ᠤ ᠡᠳᠦᠷ᠂ ᠤᠯᠢᠶᠠᠰᠤᠲᠠᠢ ᠪᠠᠯᠭᠠᠰᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠣᠭᠤᠯᠵᠦ᠂ ᠤᠯᠢᠶᠠᠰᠤᠲᠠᠢ ᠪᠠᠯᠭᠠᠰᠤᠨ ᠤ ᠰᠣᠨᠢᠨ ᠮᠡᠳᠡᠭᠡᠨ ᠤ ᠥᠭᠦᠯᠡᠭᠴᠢ ᠠᠴᠠ ᠲᠤᠰ ᠪᠠᠯᠭᠠᠰᠤᠨ ᠤ | 2024 ᠣᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ | ᠨᠡᠶᠢᠭᠡᠮ ᠲᠣᠭᠤᠷᠢᠭ ᠲᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠳᠠᠪᠠᠭᠤᠯᠢᠭ ᠢ | ᠰᠠᠶᠢᠲᠤᠷ ᠪᠠᠳᠠᠷᠠᠭᠤᠯᠵᠤ᠂ ︿︿ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ﹀﹀ ᠦᠨᠳᠦᠰᠦᠨ ᠱᠠᠲᠤᠨ ᠤ | ᠵᠠᠰᠠᠯᠲᠠ ᠶᠢᠨ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠪᠠᠶᠢᠭᠤᠯᠪᠠ᠃ ᠪᠠᠯᠭᠠᠰᠤᠨ ᠤ ᠶᠡᠷᠦᠩᠬᠡᠶᠢᠯᠡᠨ ᠵᠠᠰᠠᠬᠤ | ᠲᠥᠪ᠂ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠪᠠ ᠲᠣᠤᠷᠴᠢᠯᠠᠭᠰᠠᠨ ᠵᠠᠰᠠᠯᠲᠠ ᠶᠢᠨ ᠦᠨᠳᠦᠰᠦᠨ | ᠨᠢᠭᠡᠴᠡ ᠶᠢᠨ ︿︿ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ﹀﹀ ᠶᠢ ᠲᠦᠷᠭᠡᠳᠬᠡᠨ ᠪᠡᠶᠡᠯᠡᠭᠦᠯᠵᠦ᠂ ︿︿ᠤᠮᠠᠷᠠᠲᠤ | ᠬᠢᠯᠢ ᠶᠢᠨ ᠵᠢᠷᠤᠮ ᠤᠨ ᠴᠠᠭᠳᠠᠭ᠎ᠠ﹀﹀᠂ ︿︿ ᠡᠮᠡᠭᠲᠡᠶᠢᠴᠦᠳ ᠤᠨ ᠶᠢᠨ ᠡᠶᠡᠳᠡᠭᠦᠯᠬᠦ ᠳᠤᠭᠤᠶᠢᠯᠠᠩ﹀﹀᠂ 《 ᠴᠡᠷᠢᠭ | ᠠᠴᠠ ᠬᠠᠯᠠᠭᠳᠠᠭᠰᠠᠨ ᠠᠬᠠᠮᠠᠳ ᠴᠡᠷᠢᠭ ᠤᠨ ᠡᠶᠡᠳᠡᠭᠦᠯᠬᠦ ᠳᠤᠭᠤᠶᠢᠯᠠᠩ﹀﹀ ᠵᠡᠷᠭᠡ ᠳᠠᠪᠠᠭᠤᠯᠢᠭ ᠠᠴᠢᠶᠠᠯᠠᠪᠤᠷᠢ ᠶᠢ | ᠰᠠᠶᠢᠲᠤᠷ ᠠᠮᠢᠳᠤᠯᠢᠭ ᠬᠡᠷᠡᠭᠯᠡᠵᠦ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ | ᠪᠣᠯᠭᠠᠪᠠ᠃ ᠣᠨ ᠤ ᠭᠤᠤᠯᠳᠠᠯᠭ᠎ᠠ ᠲᠠᠢ ᠠᠵᠢᠯ ᠤᠨ《 ᠨᠠᠷᠢᠨ ᠬᠠᠭᠤᠳᠠᠰᠤᠵᠢᠭᠤᠯᠬᠤ 》ᠬᠠᠮᠢᠶᠠᠷᠤᠯᠲᠠ ᠶᠢᠨ | ᠲᠣᠭᠲᠠᠴᠠ ᠶᠢ ᠬᠡᠷᠡᠭᠵᠢᠭᠦᠯᠵᠦ᠂ ᠡᠯ᠎ᠡ ᠬᠠᠮᠲᠤᠷᠠᠭᠰᠠᠨ ᠨᠠᠮ ᠤᠨ ᠬᠤᠷᠢᠶ᠎ᠠ ᠶᠢᠨ ᠪᠦᠷᠢᠯᠳᠦᠬᠦᠨ ᠨᠢᠭᠡᠴᠡ ᠶᠢᠨ ᠡᠬᠢ | ᠪᠠᠶᠠᠯᠢᠭ ᠬᠦᠴᠦᠨ ᠴᠢᠳᠠᠯ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠥᠯᠥᠪᠯᠡᠨ᠂ ᠰᠠᠭᠤᠭᠠᠯᠢ ᠠᠷᠠᠳ ᠤᠨ ᠣᠯᠠᠨ ᠶᠠᠩᠵᠤᠴᠢᠯᠠᠭᠰᠠᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ | ᠣᠨᠣᠪᠴᠢᠲᠠᠶ ᠵᠣᠯᠭᠠᠭᠤᠯᠪᠠ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠨᠢᠭᠡᠳᠦᠯᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠮᠴᠢᠲᠡᠨ ᠤ ᠵᠥᠪᠯᠡᠯ ᠤᠨ ᠠᠮᠢᠵᠢᠷᠠᠯ ᠤᠨ | ᠬᠦᠴᠦᠨ ᠢ ᠬᠥᠭᠵᠢᠭᠡᠨ᠂ ᠠᠳᠠᠯ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠰᠠᠭᠤᠷᠢᠨ ᠭᠠᠵᠠᠷ ᠢ ᠪᠣᠶ | ᠪᠣᠯᠭᠠᠵᠤ᠂ ᠠᠳᠠᠯ ᠠᠬᠤᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠂ ᠠᠳᠠᠯ | ᠠᠬᠤᠶ ᠶᠢ ᠦᠶᠯᠡᠴᠢᠯᠡᠭᠡᠨ ᠤ ᠬᠡᠪ ᠳᠠᠭᠤᠷᠢᠶᠠᠯ ᠪᠤᠯᠭᠠᠪᠠ᠃ | ᠮᠠᠯᠵᠢᠬᠤ ᠣᠷᠣᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠰᠦᠯᠵᠢᠶᠡᠨ ᠳᠡᠭᠡᠷᠡᠬᠢ ᠲᠥᠷᠥ ᠶᠢᠨ | ᠪᠣᠳᠣᠯᠭ᠎ᠠ ᠶᠢᠨ ᠰᠢᠭᠤᠳ ᠨᠡᠪᠲᠡᠷᠡᠭᠦᠯᠭᠡ᠂ ᠸᠢᠴᠠᠲ ᠤᠨ ᠲᠤᠰᠬᠠᠢ ᠪᠤᠯᠤᠩ᠂ ᠣᠬᠤᠷ ᠸᠢᠳᠢᠣ᠋ ᠵᠡᠷᠭᠡ ᠬᠡᠯᠪᠡᠷᠢ ᠪᠠᠷ | ᠳᠠᠮᠵᠢᠭᠤᠯᠤᠨ᠂ ᠨᠡᠶᠢᠭᠡᠮ ᠳᠠᠶᠠᠭᠠᠷ ᠲᠤ《 ᠭᠤᠷᠪᠠᠨ ᠰᠠᠯᠵᠤ ᠪᠣᠯᠤᠰᠢ ᠦᠭᠡᠢ 》 ᠪᠠ 《 ᠲᠠᠪᠤᠨ ᠬᠠᠮᠲᠤ ᠶᠢᠨ | ᠲᠠᠨᠢᠯᠲᠠ 》 ᠶᠢᠨ ᠦᠵᠡᠯ ᠰᠠᠨᠠᠭ᠎ᠠ ᠣᠶᠢᠯᠠᠭᠠᠭᠳᠠᠬᠤᠨ ᠢ ᠭᠦᠨᠵᠡᠭᠡᠢ ᠪᠣᠢ ᠪᠤᠯᠭᠠᠪᠠ᠃ ᠦᠵᠡᠯ ᠰᠠᠨᠠᠭ᠎ᠠ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ 《 ᠨᠢᠭᠡ ᠳᠡᠪᠲᠡᠷ ᠬᠥᠭᠵᠢᠯᠲᠡ ᠶᠢᠨ ᠳᠠᠩᠰᠠ 》᠂ 《 ᠨᠢᠭᠡ | ᠬᠤᠪᠢ ᠲᠣᠳᠣᠷᠬᠠᠶ ᠺᠠᠷᠲ 》᠂《 ᠠᠴᠢ ᠬᠠᠷᠢᠭᠤᠯᠵᠤ ᠡᠷᠡᠯᠬᠡᠭᠯᠡᠨ ᠤᠷᠤᠭᠰᠢᠯᠠᠬᠤ 》ᠰᠦᠯᠵᠢᠶᠠᠨ ᠤ ᠬᠢᠴᠢᠶᠡᠯ | ᠤᠨ ᠲᠠᠩᠬᠢᠮ ᠵᠡᠷᠭᠡ ᠳᠠᠪᠠᠭᠤᠯᠢᠭ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂《 ᠵᠢᠷᠭᠤᠭᠠᠨ ᠦᠭᠡ ᠶᠢᠨ ᠪᠣᠳᠠᠲᠤ | ᠶᠠᠪᠤᠳᠠᠯ ᠪᠠ ᠶᠣᠰᠣ 》 ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠪᠡ᠃ ᠮᠠᠯᠵᠢᠬᠤ ᠣᠷᠣᠨ ᠤ | ᠪᠣᠳᠠᠲᠤ ᠪᠠᠶᠢᠳᠠᠯ ᠳᠤ ᠰᠠᠭᠤᠷᠢᠯᠠᠵᠦ᠂ 《 ᠵᠢᠷᠭᠤᠭᠠᠨ ᠢᠨᠵᠧᠨᠧᠷᠢᠩ 》 ᠢ ᠰᠠᠶᠢᠲᠤᠷ ᠪᠡᠶᠡᠯᠡᠭᠦᠯᠬᠦ ᠳᠤ | ᠠᠩᠬᠠᠷᠤᠯ ᠢᠶᠠᠨ ᠲᠦᠪᠯᠡᠷᠡᠭᠦᠯᠵᠦ᠂《 ᠲᠠᠪᠤᠨ ᠶᠡᠭᠡ ᠡᠭᠦᠷᠭᠡ 》 ᠶᠢ ᠰᠠᠶᠢᠲᠤᠷ ᠠᠳᠬᠤᠵᠦ᠂ ᠠᠮᠢ ᠠᠬᠤᠶ ᠶᠢ | ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠦ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷ ᠰᠡᠷᠭᠦᠭᠡᠬᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠪᠠ | ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ᠂ ᠲᠤᠰᠠᠯᠠᠵᠤ ᠱᠠᠩᠨᠠᠬᠤ ᠪᠡᠯᠡ ᠮᠥᠩᠭᠦ ᠣᠯᠭᠤᠬᠤ ᠪᠤᠯᠤᠨ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠷᠢᠭᠤᠴᠠᠯᠭ᠎ᠠ ᠶᠢ | ᠭᠦᠶᠴᠡᠳᠬᠡᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠶᠡᠬᠡᠪᠡᠷ ᠶᠠᠪᠤᠭᠤᠯᠵᠤ᠂ ᠲᠤᠭᠲᠠᠭᠠᠭᠯ ᠠᠴᠠ ᠵᠦᠷᠢᠴᠠᠨ | ᠡᠪᠡᠰᠦ ᠬᠠᠳᠤᠬᠤ᠂ ᠡᠮᠬᠢ ᠵᠠᠮᠪᠠᠷᠠᠭ᠎ᠠ ᠦᠭᠡᠢ ᠮᠠᠯᠯᠠᠬᠤ᠂ ᠬᠡᠲᠦᠷᠡᠲᠡᠯ᠎ᠡ ᠮᠠᠯᠵᠢᠬᠤ ᠵᠡᠷᠭᠡ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠦ᠂ 《 ᠣᠶ ᠰᠢᠭᠤᠶ ᠡᠪᠡᠰᠦ ᠪᠡᠯᠴᠢᠭᠡᠷ ᠤᠨ | ᠳᠠᠷᠤᠭ᠎ᠠ 》᠂ 《 ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ 》 ᠶᠢᠨ ᠡᠭᠦᠷᠭᠡ ᠬᠠᠷᠢᠭᠤᠴᠠᠯᠭ᠎ᠠ ᠪᠠᠨ | ᠴᠢᠩᠭ᠎ᠠ ᠭᠦᠢᠴᠡᠳᠭᠡᠵᠦ᠂ ᠪᠡᠯᠴᠢᠭᠡᠷ ᠤᠨ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠪᠠᠲᠤᠯᠠᠪᠠ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠨᠡᠮᠡᠭᠳᠡᠭᠦᠯᠵᠦ᠂《 ᠮᠣᠷᠢᠨ | ᠨᠢᠷᠤᠭᠤᠨ ᠳᠡᠭᠡᠷᠡᠬᠢ ᠣᠷᠣᠯᠠᠨ ᠭᠦᠶᠴᠡᠳᠬᠡᠬᠦ 》 ᠲᠤᠷᠰᠢᠯᠭ᠎ᠠ ᠶᠢ ᠠᠯᠬᠤᠮ ᠠᠯᠬᠤᠮ ᠢᠶᠠᠷ ᠳᠡᠯᠭᠡᠷᠡᠭᠦᠯᠵᠦ᠂ ᠣᠯᠠᠨ | ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠤᠬᠠᠶ ᠶᠢᠨ ᠭᠠᠵᠠᠷ | ᠲᠤᠨᠢ ᠰᠢᠶᠳᠪᠦᠷᠢᠯᠡᠬᠦ ᠶᠢ ᠪᠠᠲᠤᠯᠠᠪᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ | ᠠᠪᠤᠷᠠᠨ ᠲᠡᠳᠬᠦᠵᠦ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠤᠨ ᠥᠷᠨᠢᠭᠦᠯᠵᠦ᠂ ᠰᠠᠭᠤᠷᠢ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠲᠥᠯᠥᠪᠯᠡᠭᠡ ᠶᠢᠨ ᠳᠣᠲᠣᠷᠠᠬᠢ ᠵᠠᠮ ᠢ ᠠᠷᠠᠴᠢᠯᠠᠨ ᠬᠠᠮᠠᠭᠠᠯᠠᠬᠤ᠂ | ᠴᠠᠬᠢᠯᠭᠠᠨ ᠲᠣᠣᠷ ᠢ ᠪᠦᠷᠬᠦᠭᠦᠯᠬᠦ᠂ ᠴᠢᠮᠡᠭᠡ ᠬᠤᠯᠪᠣᠭᠠᠨ ᠤ ᠳᠣᠬᠢᠶ᠎ᠠ ᠶᠢ ᠪᠦᠷᠬᠦᠭᠦᠯᠬᠦ ᠢᠨᠵᠧᠨᠧᠷᠢᠩ ᠢ ᠪᠦᠬᠦ | ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠬᠥᠳᠡᠭᠡ ᠲᠣᠰᠬᠤᠨ | ᠪᠠ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠨᠡᠶᠢᠲᠡᠯᠢᠭ ᠵᠢᠱᠢᠶ᠎ᠡ ᠦᠵᠡᠭᠦᠯᠬᠦ ᠡᠷᠦᠬᠡ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ |