ᠮᠠᠨ ᠤ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ  ᠤᠨ ᠨᠡᠶᠢᠳᠡᠮ ᠪᠠᠶᠢᠴᠠᠭᠠᠯᠲᠠ ᠶᠢᠨ ᠠᠵᠢᠯ ᠵᠢᠴᠢ 2024 ᠣᠨ ᠤ ᠪᠥᠬᠦ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ( ᠲᠡᠦᠬᠡ ᠶᠢᠨ ᠳᠤᠷᠠᠰᠬᠠᠯᠲᠤ ᠵᠦᠶᠯᠡᠰ ) ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/9
      4 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ  ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠵᠢᠴᠢ 2024 ᠣᠨ ᠤ ᠪᠥᠬᠦ ᠬᠤᠰᠢᠭᠤᠨ  ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ︵ᠲᠡᠦᠬᠡ ᠶᠢᠨ ᠳᠤᠷᠠᠰᠬᠠᠯᠲᠤ ᠵᠦᠶᠯᠡᠰ︶ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠠᠢ᠃      ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠬᠤᠷᠠᠯ ᠢ ᠡᠷᠭᠢᠯᠡᠵᠦ᠂ ᠬᠤᠰᠢᠭᠤ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ‌‍ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠠᠷᠢᠶ᠎ᠠ ᠨᠢᠭᠡᠴᠡ ᠪᠣᠯᠤᠨ ᠡᠯ᠎ᠡ ᠲᠠᠰᠤᠭ᠂ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃   ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠪᠠᠷ ᠭᠤᠣᠯ ᠰᠢᠵᠢᠮ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠮᠠᠭᠠᠯᠠᠬᠤ ᠳᠤᠮᠳᠠ ᠬᠥᠭᠵᠢᠭᠦᠯᠬᠦ᠂ ᠬᠥᠭᠵᠢᠭᠦᠯᠬᠦ ᠳᠤᠮᠳᠠ ᠬᠠᠮᠠᠭᠠᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ︿︿ᠤᠮᠠᠷᠠᠲᠤ ᠬᠢᠯᠢ ᠶᠢᠨ ᠰᠣᠶᠣᠯ﹀﹀ ᠤᠨ ᠬᠦᠴᠦᠷᠬᠡᠭ ᠬᠤᠰᠢᠭᠤ ᠶᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠰᠢᠨ᠎ᠡ ᠴᠢᠨᠠᠷ ᠴᠢᠨᠰᠠᠭ᠎ᠠ ᠶᠢᠨ ᠦᠶᠯᠡᠳᠪᠦᠷᠢᠯᠡᠯ ᠤᠨ ᠬᠦᠴᠦᠨ ᠳᠤ ᠲᠦᠰᠢᠭᠯᠡᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ᠂ ︿︿ᠤᠷᠤᠯᠳᠤᠭᠠᠨ+﹀﹀᠂ ︿︿ᠪᠣᠳᠠᠰ  ᠤᠨ ᠪᠤᠰᠤ ᠰᠣᠶᠣᠯ ᠤᠨ ᠥᠪ +﹀﹀᠂ ︿︿ᠵᠢᠭᠤᠯᠴᠢᠯᠠᠯ +﹀﹀᠂ ︿︿ᠲᠡᠦᠬᠡ ᠶᠢᠨ ᠳᠤᠷᠠᠰᠬᠠᠯᠲᠤ ᠵᠦᠶᠯᠡᠰ +﹀﹀ ᠵᠡᠷᠭᠡ ᠭᠦᠨ ᠠᠭᠤᠰᠤᠯᠴᠠᠯ ᠳᠤ ᠲᠦᠰᠢᠭᠯᠡᠨ᠂ ︿︿ᠮᠢᠩᠭᠠᠨ ᠭᠠᠵᠠᠷ ᠤᠨ ᠬᠢᠯᠢ᠂ ᠳᠥᠷᠪᠡᠨ ᠴᠠᠭ ᠤᠨ         ᠦᠵᠦᠮᠦᠴᠢᠨ﹀﹀ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠰᠠᠶᠢᠲᠦᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号