ᠮᠠᠨ ᠤ ᠬᠤᠰᠢᠭᠤ ︿︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠴᠢᠭᠡᠴᠢ ᠰᠤᠷᠲᠠᠯ ᠤᠮᠠᠷᠠᠲᠤ ᠬᠢᠵᠠᠭᠠᠷ ᠢ ᠤᠮᠳᠠᠯᠠᠨᠠᠮ﹀﹀ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/5/9
      ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠬᠤᠰᠢᠭᠤ ᠡᠮᠡᠭᠲᠡᠶᠢᠴᠦᠳ  ᠤᠨ ᠬᠤᠯᠪᠤᠭᠠᠲᠤ ᠬᠤᠷᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ᠂ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠲᠠᠯ᠎ᠠ ᠨᠤᠲᠤᠭ ᠤᠨ ᠨᠣᠮ ᠤᠨ ᠥᠷᠥᠭᠡ ᠬᠠᠮᠲᠤᠷᠠᠨ ︿︿ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠴᠢᠭᠡᠴᠢ ᠰᠤᠷᠲᠠᠯ ᠤᠮᠠᠷᠠᠲᠤ ᠬᠢᠵᠠᠭᠠᠷ ᠢ ᠤᠮᠳᠠᠯᠠᠨᠠᠮ﹀﹀ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠡᠷᠭᠢᠯᠡᠪᠡ᠃      ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠪᠣᠯᠣᠨ ᠬᠠᠲᠠᠪᠴᠢ ᠪᠠᠯᠭᠠᠰᠤ ᠶᠢᠨ ᠡᠯ᠎ᠡ ᠭᠠᠴᠠᠭᠠᠨ ᠤ ᠮᠠᠯᠴᠢᠳ ᠢᠶᠠᠷ ᠪᠦᠷᠢᠯᠳᠦᠭᠰᠡᠨ 5 ᠳᠤᠭᠤᠶᠢᠯᠠᠩ ᠤᠷᠤᠯᠳᠤᠭᠠᠨ ᠳᠤ ᠣᠷᠣᠯᠴᠠᠪᠠ  ᠃      ᠤᠷᠤᠯᠳᠤᠭᠠᠨ ᠢ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠳᠤᠭᠤᠢᠯᠠᠩ ᠤᠨ ᠵᠠᠪᠠᠯ ᠬᠠᠷᠢᠭᠤᠯᠬᠤ ᠰᠡᠳᠦᠪ᠂ ᠲᠦᠭᠰᠢᠭᠦᠷᠢᠲᠦ ᠰᠡᠳᠦᠪ ᠭᠡᠵᠦ ᠭᠤᠷᠪᠠᠨ ᠱᠠᠲᠤ ᠬᠤᠪᠢᠶᠠᠨ ᠶᠠᠪᠤᠭᠳᠠᠭᠤᠯᠵᠤ᠂ ᠤᠷᠤᠯᠳᠤᠭᠠᠨ ᠤ ᠶᠠᠪᠤᠴᠠ ᠳᠤ ᠤᠷᠤᠯᠳᠤᠭᠠᠨ ᠳᠤ ᠣᠷᠣᠯᠴᠠᠭᠰᠠᠳ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ᠂ ᠤᠷᠤᠰᠤᠮ᠎ᠠ ᠰᠠᠶᠢᠬᠠᠨ ᠬᠠᠷᠢᠭᠤᠯᠵᠤ᠂ ᠪᠦᠯᠬᠦᠮ ᠨᠡᠶᠢᠲᠡ ᠪᠠᠷ ᠢᠶᠠᠨ ᠰᠡᠳᠬᠢᠯ ᠨᠢᠭᠡᠳᠦᠨ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠪᠠ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ᠤᠷᠤᠯᠳᠤᠭᠠᠨ ᠤ ᠲᠦᠷᠦᠭᠦᠤ ᠭᠤᠷᠪᠠᠨ ᠨᠡᠷ᠎ᠡ ᠪᠠ ᠬᠤᠶᠠᠷ ᠨᠡᠷ᠎ᠡ ᠰᠢᠯᠢᠳᠡᠭ ᠱᠠᠩᠨᠠᠯ ᠢ ᠰᠢᠯᠭᠠᠷᠠᠭᠤᠯᠵᠤ᠂ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠪᠤᠳᠠᠰ ᠣᠯᠭᠤᠪᠠ  ᠃      ᠲᠠᠷᠠᠭᠠᠴᠢ ᠶᠢᠨ ᠠᠯᠬᠤᠮ ᠳᠤ᠂ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠡᠮᠡᠭᠲᠡᠶᠢᠴᠦᠳ ᠪᠠ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠲᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠤᠬᠠᠮᠰᠠᠷ ᠠᠴᠠ ᠪᠠᠨ ᠡᠷᠭᠦᠬᠦ         ᠪᠣᠯᠭᠠᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号