4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠤᠯᠢᠶᠠᠰᠤᠲᠠᠢ ᠪᠠᠯᠭᠠᠰᠤᠨ ᠤ ᠨᠠᠮ ᠤᠨ | ᠬᠤᠷᠢᠶ᠎ᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ | ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠦᠷᠨᠢᠭᠦᠯᠵᠦ᠂ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ | ᠳᠤᠭᠤᠶᠢᠯᠠᠩ ᠤᠨ ᠭᠡᠰᠢᠭᠦᠳ ᠣᠷᠣᠯᠴᠠᠪᠠ᠃ | ᠨᠣᠮ ᠤᠩᠰᠢᠬᠤ ᠠᠩᠭᠢ ᠨᠢ ᠬᠠᠮᠲᠤ ᠪᠠᠷ ᠰᠤᠷᠤᠯᠴᠠᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ ᠪᠠ | ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠬᠡᠯᠪᠡᠷᠢ ᠪᠠᠷ ᠲᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ | ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ | ᠬᠢᠨᠠᠮᠠᠭᠠᠢ ᠰᠤᠷᠤᠯᠴᠠᠵᠤ᠂ ᠪᠦᠬᠦ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠲᠠᠶᠢᠴᠢᠯᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ | ᠪᠠᠯᠭᠠᠰᠤ ᠪᠠᠷ ᠢᠶᠠᠨ ᠤᠯᠤᠰ ᠲᠦᠷᠦ ᠶᠢᠨ ᠵᠣᠭᠰᠣᠴᠠ ᠶᠢᠨ ᠲᠡᠭᠡᠭᠰᠢᠯᠡᠭᠦᠯᠦᠨ ᠰᠤᠷᠤᠯᠴᠠᠬᠤ ᠬᠡᠷᠡᠭᠲᠡᠢ᠃ ᠨᠠᠮ ᠤᠨ | ᠰᠠᠬᠢᠯᠭ᠎ᠠ ᠪᠠᠲᠤ ᠶᠢ ᠰᠤᠷᠤᠯᠴᠠᠬᠤ ᠶᠢ ᠨᠢᠭᠡᠨ ᠤᠷᠳᠤ ᠬᠤᠭᠤᠴᠠᠭᠠᠨ ᠤ ᠪᠥᠭᠡᠳ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠪᠠ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ | ᠰᠠᠬᠢᠯᠭ᠎ᠠ ᠪᠠᠲᠤ ᠶᠢ ᠰᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠡᠭᠦᠷᠭᠡ ᠬᠠᠷᠢᠭᠤᠴᠠᠯᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠦᠭᠡ | ᠥᠭᠦᠯᠡᠪᠦᠷᠢ ᠨᠢᠭᠡᠪᠦᠷᠢ ᠢ ᠰᠡᠳᠬᠢᠯ ᠲᠠᠯᠪᠢᠨ ᠰᠤᠷᠤᠯᠴᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ | ᠲᠣᠭᠲᠠᠭᠠᠯ ᠳᠠᠷᠠᠭᠠᠯᠠᠨ ᠰᠤᠷᠤᠯᠴᠠᠬᠤ ᠶᠢ ᠪᠠᠷᠢᠮᠲᠠᠯᠠᠵᠤ᠂ ᠣᠨᠴᠠᠭᠠᠶᠢᠯᠠᠨ ᠤᠯᠤᠰ ᠲᠦᠷᠦ ᠶᠢᠨ ᠰᠠᠬᠢᠯᠭ᠎ᠠ ᠪᠠᠲᠤ᠂ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ | ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠬᠡᠷᠬᠢᠨ | ᠡᠵᠡᠮᠰᠢᠬᠦ ᠲᠠᠢ ᠨᠢᠭᠲᠠ ᠤᠶᠠᠯᠳᠤᠭᠤᠯᠵᠤ᠂ ᠣᠯᠣᠯᠲᠠ ᠣᠶᠢᠯᠠᠭᠠᠯᠲᠠ ᠪᠠᠨ ᠰᠣᠯᠢᠯᠴᠠᠬᠤ ᠶᠢ ᠥᠷᠨᠢᠭᠦᠯᠵᠦ᠂ | ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠬᠦ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠰᠤᠷᠤᠯᠴᠠᠬᠤ ᠬᠡᠷᠡᠭᠲᠡᠢ᠃ ᠲᠣᠪᠣᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭᠠᠨ ᠤ ᠲᠠᠯ᠎ᠠ ᠠᠴᠠ ᠴᠢᠬᠤᠯᠠᠴᠢᠯᠠᠵᠤ᠂ ᠰᠠᠬᠢᠯᠭ᠎ᠠ | ᠪᠠᠲᠤ ᠶᠢᠨ ᠰᠤᠷᠤᠯᠴᠠᠯᠭ᠎ᠠ ᠶᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠵᠤ᠂ ᠰᠠᠬᠢᠯᠭ᠎ᠠ ᠪᠠᠲᠤ | ᠶᠣᠰᠣ ᠳᠦᠷᠢᠮ ᠭᠡᠭᠴᠢ ᠶᠠᠭᠤ ᠪᠣᠯᠬᠤ ᠶᠢ ᠦᠨᠡᠨ ᠬᠦ ᠲᠣᠳᠣᠷᠬᠠᠢ ᠣᠶᠢᠯᠠᠭᠠᠵᠤ᠂ ᠪᠢᠰᠢᠷᠡᠨ ᠵᠢᠷᠦᠬᠡᠰᠢᠶᠡᠵᠦ᠂ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠭᠦᠨ ᠤ ᠬᠠᠮᠲᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠨᠢᠭᠡ ᠨᠢᠭᠡ ᠵᠤᠷᠪᠤᠰ ᠲᠠᠢ ᠬᠠᠷᠢᠴᠠᠭᠤᠯᠤᠨ | ᠪᠠᠶᠢᠴᠠᠭᠠᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠵᠠᠰᠠᠨ ᠰᠠᠶᠢᠵᠢᠷᠠᠭᠤᠯᠵᠦ᠂ ᠲᠠᠷᠠᠭᠠᠴᠢ ᠶᠢᠨ | ᠠᠯᠬᠤᠮ ᠳᠤ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ | ᠬᠤᠷᠠᠯ ᠳᠡᠭᠡᠷ᠎ᠡ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠲᠤᠰᠬᠠᠢ ᠰᠡᠲᠤᠪ | ᠢᠶᠠᠷ ᠰᠤᠳᠤᠯᠤᠨ ᠶᠠᠷᠢᠯᠴᠠᠪᠡ᠃ |