ᠤᠯᠢᠶᠠᠰᠤᠲᠠᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ      ︽ᠪᠢᠴᠢᠭ ᠤᠨ ᠰᠤᠷᠪᠤᠯᠵᠢᠲᠤ ᠤᠮᠠᠷᠠᠲᠤ ᠬᠢᠯᠢ᠂ ᠰᠤᠶᠤᠯ ᠤᠨ ᠬᠡᠷᠡᠯᠲᠤ ᠤᠯᠢᠶᠠᠰᠤᠲᠠᠢ ᠪᠠᠯᠭᠠᠰᠤ︾ ᠪᠦᠬᠦ ᠠᠷᠠᠳ ᠤᠨ ᠨᠤᠮ ᠤᠩᠰᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
      4 ᠰᠠᠷ᠎ᠠ ᠶᠢᠨ 23 ᠤ ᠡᠳᠦᠷ ᠪᠣᠯ ᠳᠡᠯᠡᠬᠡᠢ ᠶᠢᠨ 29 ᠳ᠋ᠦ᠋ᠭᠡᠷ ᠨᠣᠮ ᠤᠩᠰᠢᠬᠤ ᠡᠳᠦᠷ ᠪᠣᠯᠣᠨ᠎ᠠ᠃ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠬᠦᠭᠵᠢᠭᠦᠯᠵᠦ᠂ ᠨᠣᠮ ᠤᠩᠰᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠬᠤ ᠶᠢᠨ ᠲᠦᠯᠦᠭᠡ᠂ ᠤᠯᠢᠶᠠᠰᠤᠲᠠᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠨᠢ ᠰᠢᠨᠬᠤᠸᠠ ᠨᠣᠮ ᠤᠨ ᠳᠡᠯᠭᠡᠭᠦᠷ᠂ ᠪᠠᠶᠢᠭᠤᠯᠭ᠎ᠠ ᠶᠢᠨ ᠨᠠᠮ ᠤᠨ ᠡᠭᠦᠷ ᠲᠠᠢ ᠬᠠᠮᠲᠤᠷᠠᠨ ︽ᠪᠢᠴᠢᠭ ᠤᠨ ᠰᠤᠷᠪᠤᠯᠵᠢᠲᠤ ᠤᠮᠠᠷᠠᠲᠤ ᠬᠢᠯᠢ᠂ ᠰᠤᠶᠤᠯ ᠤᠨ ᠬᠡᠷᠡᠯᠲᠤ ᠤᠯᠢᠶᠠᠰᠤᠲᠠᠢ ᠪᠠᠯᠭᠠᠰᠤ︾ ᠪᠦᠬᠦ ᠠᠷᠠᠳ ᠤᠨ ᠨᠤᠮ ᠤᠩᠰᠢᠬᠤ ᠠᠵᠢᠯᠯᠠᠭ᠎ᠠ ᠥᠷᠨᠢᠭᠦᠯᠵᠦ᠂ ᠤᠯᠢᠶᠠᠰᠤᠲᠠᠢ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠵᠡᠭᠦᠨ ᠦᠵᠦᠮᠦᠴᠢᠨ ᠬᠤᠰᠢᠭᠤᠨ ᠤ ᠬᠤᠪᠢᠰᠬᠠᠯᠲᠤ ᠤᠳᠤᠮᠰᠢᠯ ᠢ ᠦᠪᠯᠡᠨ ᠤᠯᠠᠮᠵᠢᠯᠠᠬᠤ ᠰᠠᠶᠢᠨ ᠲᠤᠷᠠᠴᠣᠣᠯ ᠤᠨ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠨᠡᠶᠢᠭᠡᠮᠯᠢᠭ ᠤᠨ ᠳᠠᠷᠤᠭ᠎ᠠ ᠰᠠᠷᠠᠨᠲᠤᠶᠠᠭ᠎ᠠ᠂ ᠰᠢᠨᠬᠤᠸᠠ ᠨᠣᠮ ᠤᠨ ᠳᠡᠯᠭᠡᠭᠦᠷ ᠤᠨ ᠳᠠᠭᠠᠭᠠᠮᠠᠯ ᠰᠢᠤᠸᠠᠢ ᠫᠧᠢ ᠵᠢᠶᠦ᠋ᠨ᠂ ᠰᠢᠨᠬᠤᠸᠠ ᠨᠣᠮ ᠤᠨ ᠳᠡᠯᠭᠡᠭᠦᠷ ᠤᠨ ᠠᠵᠢᠯᠲᠠᠤᠨ ᠪᠠ ᠤᠯᠢᠶᠠᠰᠤᠲᠠᠢ ᠪᠠᠯᠭᠠᠰᠤᠨ ᠤ 40 ᠭᠠᠷᠤᠢ ᠺᠠᠳ᠋ᠷ ᠠᠵᠢᠯᠲᠠᠤᠨ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠵᠡᠭᠦᠨ ᠦᠵᠦᠮᠦᠴᠢᠨ ᠬᠤᠰᠢᠭᠤᠨ ᠤ ᠬᠤᠪᠢᠰᠬᠠᠯᠲᠤ ᠤᠳᠤᠮᠰᠢᠯ ᠢ ᠦᠪᠯᠡᠨ ᠤᠯᠠᠮᠵᠢᠯᠠᠬᠤ ᠰᠠᠶᠢᠨ ᠲᠤᠷᠠᠴᠣᠣᠯ ᠤᠨ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠨᠡᠶᠢᠭᠡᠮᠯᠢᠭ ᠤᠨ ᠳᠠᠷᠤᠭ᠎ᠠ ᠰᠠᠷᠠᠨᠲᠤᠶᠠᠭ᠎ᠠ ᠠᠴᠠ ᠤᠯᠢᠶᠠᠰᠤᠲᠠᠢ ᠪᠠᠯᠭᠠᠰᠤᠨ ᠤ ᠨᠣᠮ ᠤᠨ ᠥᠷᠥᠭᠡᠨ ᠳᠤ ︽ᠬᠤᠰᠢᠭᠤᠴᠢ ᠶᠢᠨ ᠤᠯᠠ ᠮᠥᠷ︾ ᠭᠡᠬᠦ ᠨᠣᠮ ᠢ ᠪᠡᠯᠡᠭᠯᠡᠵᠦ᠂ ᠰᠢᠨᠬᠤᠸᠠ ᠨᠣᠮ ᠤᠨ ᠳᠡᠯᠭᠡᠭᠦᠷ ᠤᠨ ᠳᠠᠭᠠᠭᠠᠮᠠᠯ ᠰᠢᠤᠸᠠᠢ ᠫᠧᠢ ᠵᠢᠶᠦ᠋ᠨ ᠠᠴᠠ ᠤᠯᠢᠶᠠᠰᠤᠲᠠᠢ ᠪᠠᠯᠭᠠᠰᠤᠨ ᠤ ᠨᠣᠮ ᠤᠨ ᠥᠷᠥᠭᠡᠨ ᠳᠤ ᠤᠳᠤ ᠦᠶ᠎ᠡ ᠶᠢᠨ ᠤᠳᠬ᠎ᠠ ᠵᠣᠬᠢᠶᠠᠯ ᠵᠡᠷᠭᠡ ᠲᠦᠷᠦᠯ ᠤᠨ 28 ᠳᠡᠪᠲᠡᠷ ᠨᠣᠮ ᠪᠢᠴᠢᠭ ᠬᠦᠷᠭᠡᠪᠡ᠃      ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠠᠷᠢᠭᠤᠨ ᠠᠴᠠ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠣᠯᠠᠨ ᠳᠤ ︽ᠦᠪᠡᠷ ᠤᠨ ᠲᠤᠲᠠᠭᠳᠠᠯ ᠢᠶᠠᠨ ᠭᠥᠯᠢᠶᠡᠨ ᠠᠪᠬᠤ︾ ︽ᠵᠣᠷᠢᠭᠲᠠᠢ ᠪᠠᠷ         ᠲᠤᠷᠰᠢᠬᠤ︾ ᠵᠡᠷᠭᠡ ᠰᠡᠳᠬᠢᠴᠡ ᠶᠢᠨ ᠡᠷᠡᠭᠦᠯ ᠮᠡᠨᠳᠦ ᠶᠢ ᠬᠠᠮᠠᠭᠠᠯᠠᠬᠤ  ᠰᠠᠨᠠᠭᠤᠯᠭ᠎ᠠ ᠦᠭᠴᠦ᠂ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠤᠨ ᠢᠯᠡᠭᠦᠬᠡᠨ ᠨᠣᠮ ᠪᠢᠴᠢᠭ ᠤᠩᠰᠢᠵᠤ᠂ ᠨᠣᠮ ᠪᠢᠴᠢᠭ ᠠᠴᠠ ᠠᠮᠢᠳᠤᠷᠠᠯ ᠤᠨ ᠤᠳᠬ᠎ᠠ ᠠᠭᠤᠯᠭ᠎ᠠ ᠶᠢ ᠡᠷᠢᠨ ᠣᠯᠵᠤ᠂ ᠨᠣᠮ ᠪᠢᠴᠢᠭ ᠤᠩᠰᠢᠬᠤ ᠶᠠᠪᠤᠴᠠ ᠳᠠᠭᠠᠨ ᠥᠪᠡᠷ ᠤᠨ ᠪᠡᠶ᠎ᠡ ᠪᠠᠨ ᠤᠶᠢᠯᠠᠭᠠᠨ ᠬᠦᠯᠢᠶᠡᠨ ᠠᠪᠬᠤ ᠶᠢ ᠰᠠᠨᠠᠭᠠᠴᠢᠯᠠᠪᠠ᠃      ᠲᠣᠰ ᠠᠵᠢᠯᠯᠠᠭ᠎ᠠ ᠨᠢ ᠤᠯᠢᠶᠠᠰᠤᠲᠠᠢ ᠪᠠᠯᠭᠠᠰᠤᠨ ᠤ ︽ᠠᠨᠠᠷ ᠤᠨ ᠦᠷ᠎ᠡ︾ ᠪᠢᠴᠢᠯ ᠬᠢᠴᠢᠶᠡᠯ ᠤᠨ ᠲᠠᠩᠬᠢᠮ ᠳᠤ ᠲᠦᠰᠢᠭᠯᠡᠨ᠂ ︽ᠬᠡᠪᠰᠢᠮᠡᠯ ᠬᠡᠯᠡᠯᠭᠡ ᠶᠢ ᠳᠠᠭᠠᠬᠤ︾ ᠲᠣᠭᠯᠠᠭᠠᠮ ᠥᠷᠨᠢᠭᠦᠯᠵᠦ᠂ 15 ᠬᠡᠪᠰᠢᠮᠡᠯ ᠬᠡᠯᠡᠯᠭᠡ ᠶᠢᠨ ᠳᠠᠭᠤᠳᠠᠯᠭ᠎ᠠ᠂ ᠤᠳᠬ᠎ᠠ ᠪᠠ ᠠᠷᠤ ᠳᠠᠬᠢ ᠥᠯᠢᠭᠡᠷ ᠢ ᠠᠮᠢᠳᠤᠯᠢᠭ ᠢᠶᠠᠷ ᠶᠠᠷᠢᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠠᠢ᠃      ᠤᠯᠢᠶᠠᠰᠤᠲᠠᠢ ᠪᠠᠯᠭᠠᠰᠤᠨ ᠤ ︽ᠤᠯᠠᠭᠠᠨ ᠪᠢᠴᠢᠭ ᠤᠨ ᠪᠣᠭᠴᠣ︾ ᠪᠠᠭ᠎ᠠ ᠰᠠᠯᠪᠤᠷᠢ ᠠᠩᠭᠢ ᠠᠴᠠ          ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠦᠶ᠎ᠡ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠴᠢ ᠬᠤᠯᠪᠣᠭᠳᠠᠯ ᠵᠡᠷᠭᠡ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨᠵᠡᠭᠡᠢ ᠠᠭᠤᠯᠤᠭᠳᠠᠬᠤᠨ ᠢ ᠪᠦᠬᠦ ᠲᠠᠯ᠎ᠠ ᠪᠠᠷ ᠲᠣᠳᠣᠷᠬᠠᠶᠢᠯᠠᠨ ᠲᠠᠶᠢᠯᠪᠤᠷᠢ ᠬᠢᠪᠡ᠃      ᠤᠯᠢᠶᠠᠰᠤᠲᠠᠢ ᠪᠠᠯᠭᠠᠰᠤ ᠨᠢ ᠳᠡᠯᠡᠬᠡᠢ ᠶᠢᠨ ᠨᠣᠮ ᠤᠩᠰᠢᠬᠤ ᠡᠳᠦᠷ ᠢᠶᠠᠷ ᠲᠤᠬᠢᠶᠠᠯᠲᠤᠭᠤᠯᠵᠤ᠂ ᠪᠦᠬᠦ ᠪᠠᠯᠭᠠᠰᠤ ᠶᠢᠨ ᠡᠯ᠎ᠡ ᠭᠠᠴᠠᠭ᠎ᠠ᠂ ᠨᠡᠶᠢᠭᠡᠮ ᠲᠣᠭᠤᠷᠢᠭ ᠲᠤ ᠰᠣᠩᠭᠤᠳᠠᠭ ᠵᠣᠬᠢᠶᠠᠯ ᠢ ᠤᠩᠰᠢᠬᠤ᠂  ᠤᠩᠰᠢᠭᠰᠡᠨ ᠲᠦᠷᠦᠭᠲᠡᠯ ᠢᠶᠠᠨ ᠬᠤᠪᠢᠶᠠᠯᠴᠠᠬᠤ᠂ ᠨᠣᠮ ᠪᠢᠴᠢᠭ ᠢ ᠲᠠᠨᠢᠯᠴᠠᠭᠤᠯᠬᠤ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠤᠯᠢᠶᠠᠰᠤᠲᠠᠢ ᠪᠠᠯᠭᠠᠰᠤ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠣᠮ ᠤᠨ ᠦᠨᠦᠷ ᠠᠮᠲᠠ᠂ ᠬᠥᠭᠵᠢᠯᠲᠡ ᠶᠢᠨ ᠬᠦᠴᠦᠨ ᠢ ᠨᠡᠮᠡᠷᠢᠯᠡᠵᠡᠢ᠃ ᠡᠭᠦᠨ ᠤ ᠬᠠᠮᠲᠤ᠂ ᠤᠯᠢᠶᠠᠰᠤᠲᠠᠢ ᠪᠠᠯᠭᠠᠰᠤᠨ ᠤ       ︽ᠠᠨᠠᠷ ᠤᠨ ᠦᠷ᠎ᠡ︾ ᠪᠢᠴᠢᠯ ᠬᠢᠴᠢᠶᠡᠯ ᠤᠨ ᠲᠠᠩᠬᠢᠮ ᠨᠢ ᠬᠡᠪᠰᠢᠮᠡᠯ ᠬᠡᠯᠡᠯᠭᠡ ᠳᠠᠭᠠᠬᠤ ᠵᠡᠷᠭᠡ ᠬᠡᠯᠪᠡᠷᠢ ᠪᠠᠷ ᠺᠠᠳ᠋ᠷ ᠠᠵᠢᠯᠲᠠᠳ ᠤᠨ ᠬᠡᠪᠰᠢᠮᠡᠯ ᠬᠡᠯᠡᠯᠭᠡ ᠶᠢ ᠣᠶᠢᠯᠠᠭᠠᠬᠤ᠂ ᠬᠡᠪᠰᠢᠮᠡᠯ ᠬᠡᠯᠡᠯᠭᠡ ᠶᠢ ᠬᠡᠷᠡᠭᠯᠡᠬᠦ ᠤᠷᠮ᠎ᠠ ᠪᠠᠬ᠎ᠠ ᠶᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠦᠨᠡᠲᠦ ᠡᠷᠳᠡᠨᠢ ᠶᠢᠨ ᠳᠣᠲᠣᠷᠠᠬᠢ ᠦᠭᠡ ᠬᠡᠯᠡᠨ ᠤ ᠭᠤᠸ᠎ᠠ ᠰᠠᠶᠢᠬᠠᠨ᠂ ᠲᠡᠦᠬᠡ ᠶᠢᠨ ᠥᠯᠢᠭᠡᠷ᠂ ᠤᠯᠠᠮᠵᠢᠯᠠᠯᠲᠤ ᠣᠶᠤᠨ ᠤᠬᠠᠭᠠᠨ ᠢ ᠣᠶᠢᠯᠠᠭᠠᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠪᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号