ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ᠤᠨ ᠬᠠᠩᠭᠠᠢ ᠰᠠᠭᠤᠭᠠᠯᠢ ᠲᠣᠭᠤᠷᠢᠭ ᠪᠠ ᠴᠢᠨᠶᠣᠸᠠᠨ ᠰᠠᠭᠤᠭᠠᠯᠢ ᠲᠣᠭᠤᠷᠢᠭ ᠳᠤ ᠰᠢᠨ᠎ᠡ ᠠᠳᠠᠯ ᠠᠬᠤᠢ ᠶᠢᠨ  ᠦᠢᠯᠡᠴᠢᠯᠡᠭᠡ ᠣᠷᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2024/6/12
      ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠵᠦ᠂  ᠨᠡᠩ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠲᠠᠢ ᠪᠣᠯᠭᠠᠬᠤ ᠶᠢᠨ ᠲᠦᠯᠦᠭᠡ᠂ ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ᠦᠯᠢᠶᠠᠰᠦᠳᠠᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠶᠢᠭᠡᠮ ᠲᠣᠭᠤᠷᠢᠭ᠂ ᠠᠵᠤ ᠦᠢᠯᠡᠰ ᠤᠨ ᠵᠥᠪᠯᠡᠯ ᠪᠣᠯᠣᠨ ᠠᠳᠠᠯ ᠠᠬᠤᠢ ᠶᠢᠨ ᠺᠣᠮᠫᠠᠨᠢ ᠭᠤᠷᠪᠠᠨ ᠲᠠᠯ᠎ᠠ ᠶᠢᠨ ᠨᠢᠭᠲᠠ ᠬᠠᠮᠵᠢᠯᠴᠠᠭ᠎ᠠ ᠳᠣᠣᠷ᠎ᠠ᠂ ᠰᠠᠨᠠᠭᠠᠴᠢᠯᠠᠭ᠎ᠠ ᠶᠢᠨ ᠪᠢᠴᠢᠭ ᠨᠡᠶᠢᠲᠡᠯᠡᠬᠦ᠂ ᠡᠷᠦᠬᠡ ᠳᠤ ᠣᠷᠣᠵᠤ ᠤᠬᠠᠭᠤᠯᠬᠤ᠂ ᠦᠮᠴᠢᠳᠡᠳ ᠤᠨ ᠵᠥᠪᠯᠡᠯ ᠪᠠᠶᠢᠭᠤᠯᠬᠤ᠂ ᠰᠠᠭᠤᠭᠠᠯᠢ ᠠᠷᠠᠳ ᠤᠨ ᠵᠥᠪᠯᠡᠯ ᠢ ᠬᠤᠷᠠᠯᠳᠤᠭᠤᠯᠵᠤ ᠠᠳᠠᠯ ᠠᠬᠤᠢ ᠶᠢᠨ ᠺᠣᠮᠫᠠᠨᠢ ᠲᠠᠢ ᠵᠥᠪᠳᠡᠨ ᠶᠠᠷᠢᠯᠴᠠᠬᠤ ᠵᠡᠷᠭᠡ ᠠᠯᠢ ᠤᠯᠠᠨ ᠠᠵᠢᠯ ᠢᠶᠠᠷ ᠳᠠᠮᠵᠢᠭᠤᠯᠵᠤ᠂ 4 ᠰᠠᠷ᠎ᠠ ᠶᠢᠨ 29 ᠤ ᠡᠳᠦᠷ᠂ ᠬᠠᠩᠭᠠᠢ ᠪᠣᠯᠣᠨ ᠴᠢᠨ ᠶᠤᠸᠠᠨ ᠰᠠᠭᠤᠭᠠᠯᠢ ᠲᠣᠭᠤᠷᠢᠭ ᠤᠨ ᠦᠮᠴᠢᠳᠡᠳ ᠤᠨ ᠵᠥᠪᠯᠡᠯ ᠠᠴᠠ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ︽ᠠᠳᠠᠯ ᠠᠬᠤᠢ ᠶᠢᠨ ᠭᠡᠷ᠎ᠡ︾ ᠲᠣᠭᠲᠠᠵᠤ᠂ ᠬᠠᠩᠭᠠᠢ  ᠰᠠᠭᠤᠭᠠᠯᠢ  ᠲᠣᠭᠤᠷᠢᠭ ᠪᠣᠯᠣᠨ‌‍ᠴᠢᠨᠶᠤᠸᠠᠨ ᠰᠠᠭᠤᠭᠠᠯᠢ ᠲᠣᠭᠤᠷᠢᠭ ᠳᠤ ᠵᠢᠩᠬᠢᠨᠢ ᠪᠠᠷ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠠᠢ᠃      ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠳᠤᠮᠳᠠ᠂ ᠬᠦᠪᠴᠢᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ 4 ᠰᠠᠷ᠎ᠠ ᠶᠢᠨ 8 ᠤ ᠡᠳᠦᠷ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠤᠨ ᠡᠷᠦᠬᠡ ᠳᠤ ᠬᠦᠷᠴᠦ ᠰᠤᠷᠪᠤᠯᠵᠢᠯᠠᠬᠤ ᠶᠢᠨ ᠬᠠᠮᠳᠣ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠠᠮᠤᠷ ᠲᠦᠪᠰᠢᠨ᠂ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠠᠷᠳᠠᠬᠤ ᠴᠡᠭ ᠪᠣᠯᠭᠠᠵᠤ ᠠᠳᠠᠯ ᠠᠬᠤᠢ ᠶᠢᠨ ᠬᠡᠷᠡᠭᠴᠡᠭᠡ ᠱᠠᠭᠠᠷᠳᠠᠯᠭ᠎ᠠ ᠵᠢᠴᠢ ᠣᠷᠣᠭᠤᠯᠵᠤ ᠠᠪᠴᠢᠷᠠᠭᠰᠠᠨ ᠤ ᠳᠠᠷᠠᠭᠠᠬᠢ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠠᠭᠤᠯᠭ᠎ᠠ ᠪᠣᠯᠭᠠᠨ ᠬᠢᠭᠰᠡᠨ ᠠᠷᠠᠳ ᠤᠨ ᠰᠠᠨᠠᠭᠠᠨ ᠤ ᠪᠠᠶᠢᠴᠠᠭᠠᠯᠲᠠ ᠶᠢᠨ ᠠᠵᠢᠯ  ᠢ ᠦᠷᠨᠢᠭᠦᠯᠵᠦ ᠠᠳᠠᠯ ᠠᠬᠤᠢ ᠶᠢᠨ ᠬᠠᠮᠢᠶᠠᠷᠤᠯᠲᠠ ᠳᠤ ᠣᠷᠣᠵᠤ ᠰᠠᠭᠤᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃      4 ᠰᠠᠷ᠎ᠠ ᠶᠢᠨ 27 ᠤ ᠡᠳᠦᠷ ᠬᠦᠪᠴᠢᠨ ᠨᠡᠶᠢᠭᠡᠮ ᠲᠣᠭᠤᠷᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠩᠭᠠᠢ᠂ ᠴᠢᠨᠶᠣᠸᠠᠨ ᠰᠠᠭᠤᠭᠠᠯᠢ ᠲᠣᠭᠤᠷᠢᠭ ᠤᠨ ᠥᠮᠴᠢᠲᠡᠨ ᠤ ᠵᠥᠪᠯᠡᠯ᠂ ᠫᠧᠩ ᠴᠠᠩ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ  ᠬᠠᠮᠳᠣᠷᠠᠨ‌ᠠᠳᠠᠯ ᠠᠬᠤᠢ ᠶᠢ ᠲᠦᠯᠬᠢᠨ ᠠᠬᠢᠭᠤᠯᠬᠤ ᠠᠵᠢᠯ ᠢ ᠬᠠᠮᠲᠤᠪᠠᠷ ᠵᠥᠪᠳᠡᠯᠴᠡᠪᠡ᠃ ᠬᠤᠷᠠᠯ ᠳᠡᠭᠡᠷ᠎ᠡ᠂  ᠬᠦᠪᠴᠢᠨ ᠨᠡᠶᠢᠭᠡᠮ ᠲᠣᠭᠤᠷᠢᠭ ᠤᠨ ᠱᠦᠵᠢ ᠣᠳᠣᠬᠠᠨ ᠤ ᠬᠠᠩᠭᠠᠢ ᠪᠣᠯᠣᠨ ᠴᠢᠨᠶᠤᠸᠠᠨ ᠰᠠᠭᠤᠭᠠᠯᠢ ᠲᠣᠭᠤᠷᠢᠭ ᠤᠨ ᠣᠳᠣᠬᠢ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠨᠠᠷᠢᠨ ᠲᠣᠳᠣᠷᠬᠠᠶᠢᠯᠠᠯᠲᠠ ᠬᠢᠵᠦ᠂ ᠬᠠᠭᠤᠴᠢᠨ ᠲᠣᠭᠤᠷᠢᠭ ᠳᠤ ᠠᠳᠠᠯ ᠠᠬᠤᠢ ᠶᠢᠨ ᠬᠠᠮᠢᠶᠠᠷᠤᠯᠲᠠ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠳᠠᠬᠢᠨᠲᠠ ᠲᠣᠳᠣᠷᠬᠠᠶᠢᠯᠠᠵᠤ᠂ ᠰᠠᠭᠤᠭᠠᠯᠢ ᠲᠣᠭᠤᠷᠢᠭ ᠳᠤ ᠠᠳᠠᠯ ᠠᠬᠤᠢ ᠶᠢᠨ ᠬᠠᠮᠢᠶᠠᠷᠤᠯᠲᠠ ᠶᠢ ᠣᠷᠣᠭᠤᠯᠬᠤ ᠶᠢᠨ ᠠᠩᠬ᠎ᠠ ᠠᠯᠬᠤᠮ ᠤᠨ ᠱᠠᠭᠠᠷᠳᠠᠯᠭ᠎ᠠ ᠪᠣᠯᠣᠨ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃ ᠫᠧᠩ ᠴᠠᠩ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠲᠣᠰ ᠺᠣᠮᠫᠠᠨᠢ ᠤ ᠡᠬᠢ ᠪᠠᠶᠠᠯᠢᠭ ᠤᠨ ᠳᠠᠪᠠᠭᠤᠯᠢᠭ᠂ ᠦᠢᠯᠡᠴᠢᠯᠡᠭᠡᠨ ᠤ ᠲᠥᠷᠥᠯ ᠵᠦᠢᠯ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠤᠨ ᠲᠣᠳᠣᠷᠬᠠᠶᠢᠯᠠᠵᠤ᠂ ᠥᠮᠴᠢᠲᠡᠨ ᠤ ᠵᠥᠪᠯᠡᠯ ᠠᠴᠠ ᠰᠠᠭᠤᠭᠠᠯᠢ ᠲᠣᠭᠤᠷᠢᠭ ᠤᠨ ᠲᠥᠯᠦᠪᠵᠢᠭᠦᠯᠭᠡ᠂ ᠰᠦᠢᠳᠬᠡᠯ ᠬᠤᠷᠢᠶᠠᠬᠤ ᠪᠠᠷᠢᠮᠵᠢᠶ᠎ᠠ᠂ ᠦᠢᠯᠡᠴᠢᠯᠡᠭᠡᠨ ᠤ ᠲᠥᠷᠥᠯ ᠵᠦᠢᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂  ᠰᠠᠭᠤᠭᠠᠯᠢ ᠲᠣᠭᠤᠷᠢᠭ ᠤᠨ ᠬᠢᠨᠠᠨ ᠡᠵᠡᠮᠳᠡᠬᠦ ᠪᠠ ᠨᠣᠭᠤᠭᠠᠷᠠᠭᠤᠯᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ ᠪᠣᠳᠣᠯ ᠰᠠᠨᠠᠯ ᠢᠶᠠᠨ ᠳᠤᠷᠠᠳᠤᠭᠰᠠᠨ ᠪᠥᠭᠡᠳ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠭᠦᠨᠵᠡᠭᠡᠢ ᠪᠥᠭᠡᠳ ᠨᠠᠷᠢᠯᠢᠭ ᠶᠠᠷᠢᠯᠴᠠᠪᠠ᠃      ᠳᠠᠷᠠᠭᠠᠴᠢ ᠶᠢᠨ ᠠᠯᠬᠤᠮ ᠳᠤ᠂ ᠬᠦᠪᠴᠢᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢᠲᠠᠢ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号