ᠬᠠᠳᠠᠪᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/6/12
      2024 ᠣᠨ ᠤ 5 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠠᠳᠠᠪᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠲᠡᠭᠦᠰ ᠠᠮᠵᠢᠯᠲᠠ ᠲᠠᠢ ᠬᠤᠷᠠᠯᠳᠤᠪᠠ᠃ ᠡᠯ᠎ᠡ ᠠᠵᠢᠯ ᠲᠦᠷᠦᠯ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠪᠠᠯᠭᠠᠰᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢᠨ᠎ᠡ ᠨᠢᠭᠡ ᠵᠢᠯ ᠤᠨ ᠲᠡᠮᠡᠴᠡᠯ ᠤᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠪᠠ᠃ ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 44 ᠬᠥᠮᠦᠨ᠂ ᠣᠷᠣᠯᠴᠠᠭᠰᠠᠨ ᠬᠥᠮᠦᠨ 43 ᠪᠠᠶᠢᠵᠤ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃      ᠪᠡᠯᠡᠳᠬᠡᠯ ᠬᠤᠷᠠᠯ ᠠᠴᠠ ᠪᠡᠯᠡᠳᠬᠡᠯ ᠬᠤᠷᠠᠯ ᠤᠨ ᠪᠠᠶᠢᠳᠠᠯ ᠬᠢᠭᠰᠡᠨ ᠮᠡᠳᠡᠭᠦᠯᠦᠯᠲᠡ ᠶᠢ ᠪᠠᠲᠤᠯᠠᠵᠤ᠂ ᠶᠡᠭᠡ ᠬᠤᠷᠠᠯ ᠤᠨ ᠵᠥᠪᠯᠡᠬᠦ ᠵᠦᠢᠯ ︵ᠲᠥᠰᠦᠯ︶᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠤ ᠨᠡᠷᠡᠰ ︵ᠲᠥᠰᠦᠯ︶᠂ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃      ᠬᠠᠳᠠᠪᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠦᠪᠡᠳᠡᠭᠰᠢ ᠶᠡᠭᠡ ᠪᠠᠷ ᠡᠬᠢᠯᠡᠪᠡ᠃ ᠬᠤᠷᠠᠯ ᠠᠴᠠ ︽ᠬᠠᠳᠠᠪᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠬᠠᠳᠠᠪᠴᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ︾᠂ ︽ᠬᠠᠳᠠᠪᠴᠢ ᠪᠠᠯᠭᠠᠰᠤᠨ ᠤ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠦᠪ ᠢ ᠵᠥᠪᠰᠢᠶᠡᠷᠡᠭᠰᠡᠨ ᠪᠠᠶᠢᠳᠠᠯ ᠤᠨ ᠮᠡᠳᠡᠭᠦᠯᠦᠯᠲᠡ︾᠂ ︽ᠬᠠᠳᠠᠪᠴᠢ ᠪᠠᠯᠭᠠᠰᠤᠨ ᠤ 2023 ᠣᠨ ᠤ ᠠᠵᠤ ᠠᠬᠤᠶ᠂ ᠰᠣᠶᠣᠯ ᠪᠠ ᠣᠯᠠᠨ ᠨᠡᠶᠢᠲᠡ ᠶᠢᠨ ᠠᠵᠢᠯ ᠦᠢᠯᠡᠰ ᠤᠨ ᠪᠠᠶᠢᠭᠤᠯᠤᠯᠲᠠ ᠶᠢᠨ ᠲᠥᠯᠥᠪᠯᠡᠭᠡ ᠶᠢᠨ ᠮᠡᠳᠡᠭᠦᠯᠦᠯᠲᠡ︾ ᠶᠢ ᠰᠣᠨᠣᠰᠴᠤ᠂ ︽ᠶᠡᠭᠡ ᠬᠤᠷᠠᠯ ᠤᠨ ᠵᠥᠪᠯᠡᠯᠭᠡ ᠳᠡᠪᠰᠢᠭᠦᠯᠬᠦ ᠬᠢᠵᠠᠭᠠᠷ ᠴᠠᠭ ᠤᠨ ᠴᠠᠭ ᠤᠨ ᠲᠤᠬᠠᠶ ᠲᠣᠭᠲᠠᠭᠠᠯ︾ ᠢ ᠨᠡᠶᠢᠲᠡᠯᠡᠪᠡ᠃ ︽ᠬᠠᠳᠠᠪᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠠ ᠪᠢᠯᠧᠲ ᠥᠭᠴᠦ ᠪᠠᠲᠤᠯᠠᠬᠤ ᠠᠷᠭ᠎ᠠ︾ ᠶᠢ ᠤᠩᠰᠢᠨ ᠨᠡᠶᠢᠲᠡᠯᠡᠪᠡ᠃      ᠪᠠᠯᠭᠠᠰᠤᠨ ᠤ ᠳᠡᠳ᠋ ᠳᠠᠷᠤᠭ᠎ᠠ ᠶᠢᠨ ᠵᠢᠱᠢᠭᠳᠡᠭᠴᠢ ᠶᠢᠨ ᠨᠡᠷᠡᠰ ᠢ ᠨᠡᠶᠢᠲᠡᠯᠡᠭᠰᠡᠨ ᠪᠥᠭᠡᠳ ᠪᠢᠯᠧᠲ ᠥᠭᠴᠦ ᠰᠣᠩᠭᠤᠭᠤᠯᠪᠠ᠃ ᠬᠤᠷᠠᠯ ᠠᠴᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠪᠠᠲᠤᠯᠠᠵᠤ᠂ ᠡᠯ᠎ᠡ ᠵᠦᠢᠯ ᠤᠨ ᠵᠥᠪᠯᠡᠬᠦ ᠵᠦᠢᠯ ᠢ ᠪᠡᠶᠡᠯᠡᠭᠦᠯᠪᠡ᠃      ᠬᠤᠷᠠᠯ ᠳᠡᠭᠡᠷ᠎ᠡ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠠᠷᠭ᠎ᠠ ᠤᠬᠠᠭᠠᠨ ᠭᠠᠷᠭᠠᠵᠤ᠂ ᠤᠶᠤᠨ ᠤᠬᠠᠭᠠᠨ ᠢᠶᠠᠨ ᠡᠷᠭᠦᠵᠦ᠂ ᠬᠠᠳᠠᠪᠴᠢ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠰᠠᠨᠠᠯ ᠰᠠᠨᠠᠭᠤᠯᠭ᠎ᠠ ᠳᠤᠷᠠᠳᠴᠠᠢ᠃      ᠬᠤᠷᠠᠯ ᠠᠴᠠ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠪᠣᠳᠠᠲᠠᠶ ᠪᠠᠷ ᠠᠵᠢᠯᠯᠠᠬᠤ ᠴᠤᠭ ᠰᠦᠯᠳᠡ ᠪᠠᠷ ᠡᠯ᠎ᠡ ᠵᠦᠢᠯ ᠤᠨ ᠠᠵᠢᠯ ᠢᠶᠠᠨ ᠨᠠᠩ ᠬᠦᠴᠦᠯᠡᠨ ᠴᠢᠷᠮᠠᠶᠢᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠰᠠᠶᠢᠨ ᠰᠠᠶᠢᠬᠠᠨ ᠬᠥᠭᠵᠢᠯᠲᠡ ᠶᠢ ᠴᠥᠬᠦᠷᠡᠰᠢ ᠥᠬᠡᠶ ᠠᠬᠢᠭᠤᠯᠬᠤ ᠬᠡᠷᠡᠭᠲᠡᠶ  ᠭᠡᠵᠣ ᠴᠢᠬᠤᠯᠠᠴᠢᠯᠠᠪᠠ᠃ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠳᠣᠯᠬᠢᠯᠠᠬᠤ᠂ ᠬᠢᠨᠠᠯᠲᠠ ᠲᠠᠯᠪᠢᠵᠤ ᠬᠥᠭᠵᠢᠭᠦᠯᠬᠦ ᠳᠤ ᠬᠦᠴᠦᠨ ᠨᠡᠮᠡᠷᠢᠯᠡᠬᠦ᠂ ᠲᠥᠯᠥᠭᠡᠯᠡᠭᠴᠢᠳ ᠤᠨ ᠠᠵᠢᠯᠯᠠᠭ᠎ᠠ ᠶᠢᠨ ᠬᠥᠭᠵᠢᠯᠲᠡ ᠳᠤ ᠦᠢᠯᠡᠴᠢᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠶᠢᠭᠡᠮ ᠤᠨ ᠪᠠᠲᠤ ᠪᠠᠬᠢ ᠰᠠᠭᠤᠷᠢ ᠪᠠ ᠤᠯᠠᠨ ᠲᠦᠮᠡᠨ ᠤ ᠰᠠᠭᠤᠷᠢᠨ ᠳᠡᠭᠡᠷ᠎ᠡ ᠪᠠᠶᠢᠭᠤᠯᠬᠤ ᠬᠡᠷᠡᠭᠲᠡᠢ᠃      ᠬᠠᠳᠠᠪᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠡᠯ᠎ᠡ ᠵᠦᠢᠯ ᠤᠨ ᠲᠣᠭᠲᠠᠭᠰᠠᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ       ᠲᠡᠭᠦᠰᠪᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号