ᠬᠠᠲᠠᠪᠴᠢ ᠪᠠᠯᠭᠠᠰᠤᠨ ᠤ ᠬᠠᠭ᠋ᠠᠭᠤᠯᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
      ︽ᠬᠤᠪᠢ ᠨᠡᠮᠡᠷᠢ ᠦᠵᠡᠬᠦᠯᠦᠨ ᠬᠠᠯᠠᠮᠵᠢᠯᠠᠨ ᠬᠠᠶᠢᠷᠠᠯᠠᠵᠦ᠂ ᠵᠡᠮᠳᠡᠭ ᠬᠦᠴᠢᠷᠳᠡᠯᠳᠠᠢ ᠡᠮᠡᠭᠳᠡᠶᠢᠴᠤᠳ ᠢ ᠬᠠᠪᠰᠤᠷᠤᠨ ᠦᠢᠯᠡᠴᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠰᠠᠶᠢᠳᠤᠷ ᠪᠠᠳᠠᠷᠠᠭᠤᠯᠵᠤ᠂ ᠨᠡᠶᠢᠭᠡᠮ ᠤᠨ ᠵᠡᠮᠳᠡᠭᠴᠦᠳ ᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ ᠬᠠᠯᠠᠮᠵᠢᠯᠠᠨ ᠬᠠᠪᠰᠤᠷᠤᠯᠴᠠᠬᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ 5 ᠰᠠᠷ᠎ᠠ ᠶᠢᠨ 1  ᠤ ᠡᠳᠦᠷ᠂ ᠵᠡᠭᠦᠨ ᠦᠵᠦᠮᠦᠴᠢᠨ ᠬᠤᠰᠢᠭᠤᠨ ᠤ  ᠬᠠᠳᠠᠪᠴᠢ ᠪᠠᠯᠭᠠᠰᠤᠨ ᠤ ᠬᠠᠭ᠋ᠠᠭᠤᠯᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂  ᠬᠠᠳᠠᠪᠴᠢ ᠨᠡᠶᠢᠭᠡᠮ ᠲᠣᠭᠤᠷᠢᠭ ᠤᠨ ᠬᠦᠴᠢᠷᠳᠡᠯᠲᠡᠢ ᠵᠡᠮᠳᠡᠭ ᠡᠭᠡᠴᠢ ᠳᠡᠬᠦᠦ ᠰᠠᠷᠠᠠᠬᠤᠸᠠᠷ ᠢ ᠪᠠᠨ ᠡᠷᠬᠢᠨ ᠲᠣᠬᠤᠨᠢᠭᠤᠯᠵᠤ᠂ ᠲᠡᠭᠦᠨ ᠳᠤ ︽ᠬᠥᠷᠰᠢ ᠠᠶᠢᠯ︾ ᠤᠨ ᠬᠠᠶᠢᠷ᠎ᠠ ᠬᠠᠯᠠᠮᠵᠢᠯᠠᠯ ᠢ  ᠬᠦᠷᠭᠡᠵᠡᠢ᠃      ᠰᠠᠷᠠᠠᠬᠤᠸᠠᠷ  ᠨᠦᠬᠦᠷ ᠲᠠᠢ ᠪᠠᠨ ᠬᠤᠶᠠᠭᠤᠯᠠ ᠪᠠᠨ ᠴᠥᠮ ᠮᠠᠨ ᠤ ᠪᠠᠯᠭᠠᠰᠤᠨ ᠤ  ᠬᠠᠳᠠᠪᠴᠢ ᠨᠡᠶᠢᠭᠡᠮ ᠲᠣᠭᠤᠷᠢᠭ ᠤᠨ ᠡᠷᠦᠬᠡ ᠠᠮᠠ  ᠲᠠᠢ ᠵᠡᠮᠳᠡᠭ ᠬᠥᠮᠥᠨ ᠪᠣᠯᠣᠨ᠎ᠠ᠂  ᠲᠤᠤᠷ᠎ᠠ ᠪᠠᠲᠤᠯᠭᠠᠳᠦ ᠶᠢᠨ ᠨᠦᠬᠦᠪᠦᠷᠢ ᠶᠢ ᠳᠦᠰᠢᠨ ᠠᠮᠢᠳᠤᠷᠠᠵᠦ ᠪᠤᠢ᠃ ᠭᠡᠷ ᠲᠤ ᠪᠠᠨ ᠭᠤᠷᠪᠠᠨ  ᠬᠥᠮᠥᠨ ᠠᠮᠠ ᠲᠠᠢ᠃ ᠰᠠᠷᠠᠠᠬᠤᠸᠠᠷ ᠨᠥᠬᠦᠷ ᠪᠣᠯᠣᠨ ᠬᠠᠳᠠᠮ ᠡᠭᠡᠴᠢ ᠲᠠᠢ ᠭᠤᠷᠪᠠᠭᠤᠯᠠ ᠠᠮᠢᠳᠤᠷᠠᠵᠦ᠂ ᠬᠠᠳᠠᠮ ᠡᠭᠡᠴᠢ ᠪᠣᠯᠣᠨ ᠨᠥᠬᠦᠷ ᠨᠢ ᠲᠥᠷᠥᠯᠬᠢ ᠶᠢᠨ ᠬᠡᠦᠬᠡᠳ ᠤᠨ ᠰᠠ ᠡᠪᠡᠳᠴᠢᠨ ᠳᠤ ᠨᠡᠷᠪᠡᠭᠳᠡᠵᠦ᠂ ᠨᠢᠭᠡᠳᠦᠭᠡᠷ ᠳᠡᠰ ᠤᠨ ᠵᠡᠮᠳᠡᠭ᠂ ᠪᠠᠭ᠎ᠠ ᠠᠴᠠ ᠪᠠᠨ ᠬᠦᠷᠳᠦᠲᠦ ᠳᠡᠷᠭᠡᠨ ᠳᠡᠭᠡᠷ᠎ᠡ ᠰᠠᠭᠤᠨ ᠬᠦᠳᠡᠯᠭᠡᠭᠡᠨ ᠤ ᠴᠢᠳᠠᠪᠤᠷᠢ ᠪᠠᠨ ᠠᠯᠳᠠᠵᠠᠢ᠂ ᠰᠠᠷᠠᠠᠬᠤᠸᠠᠷ ᠲᠥᠷᠥᠯᠬᠢ ᠶᠢᠨ ᠣᠶᠤᠨ ᠴᠢᠳᠠᠪᠤᠷᠢ ᠶᠢᠨ ᠰᠠᠭᠠᠳ ᠲᠠᠢ᠂ ᠭᠤᠷᠪᠠᠳᠤᠭᠠᠷ ᠳᠡᠰ ᠤᠨ ᠵᠡᠮᠳᠡᠭ᠂ ᠨᠢᠭᠡ ᠭᠡᠷ ᠤᠨ ᠭᠤᠷᠪᠠᠭᠤᠯᠠ ᠶᠢᠨ ᠠᠮᠢᠳᠤᠷᠠᠯ ᠮᠠᠰᠢ ᠬᠦᠴᠢᠷᠳᠡᠯᠳᠡᠢ ᠪᠠᠶᠢᠭᠰᠠᠨ ᠳᠡᠭᠡᠷ᠎ᠡ᠂ ᠰᠠᠷᠠᠠᠬᠤᠸᠠᠷ ᠣᠶᠢᠷ᠎ᠠ  ᠳᠤ ᠵᠣᠯ ᠪᠤᠰᠤ ᠪᠠᠷ ᠥᠨᠳᠡᠭᠡᠪᠴᠢ ᠶᠢᠨ ᠥᠮᠡᠨ ᠳᠤ ᠨᠡᠷᠪᠡᠭᠳᠡᠵᠦ᠂  ᠠᠮᠢᠳᠤᠷᠠᠯ ᠨᠢ ᠤᠯᠠᠮ ᠬᠦᠴᠢᠷᠳᠡᠯᠳᠡᠢ ᠪᠤᠯᠤᠭᠰᠠᠨ ᠪᠠᠶᠢᠨ᠎ᠠ᠃ ᠲᠡᠳᠡᠨ ᠤ  ᠣᠶᠢᠷ᠎ᠠ  ᠳᠤ ᠨᠡᠶᠢᠭᠡᠮ ᠤᠨ ᠲᠤᠰᠠᠯᠠᠮᠵᠢ ᠬᠠᠶᠢᠵᠦ ᠪᠠᠶᠢᠭ᠎ᠠ ᠶᠢ ᠮᠡᠳᠡᠭᠡᠳ᠂ ᠬᠠᠭ᠋ᠠᠭᠤᠯᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ᠲᠡᠳᠡᠨ ᠤ ᠠᠮᠢᠳᠤᠷᠠᠯ ᠤᠨ ᠪᠣᠳᠠᠲᠤ ᠪᠠᠶᠢᠳᠠᠯ ᠪᠣᠯᠣᠨ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠭᠠᠴᠠᠭᠠᠨ ᠤ 53 ᠨᠡᠷᠡᠰ ᠡᠮᠡᠭᠲᠡᠶᠢᠴᠦᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠲᠡᠳᠡᠨ ᠤ ᠭᠡᠷ ᠪᠦᠯᠢ ᠳᠤ 5740 ᠲᠦᠬᠦᠷᠢᠭ ᠤᠨ ᠬᠠᠨᠳᠢᠪ ᠤᠨ  ᠮᠥᠩᠭᠦ ᠴᠤᠭᠯᠠᠭᠤᠯᠵᠤ  ᠭᠦᠷᠭᠡᠭᠰᠡᠨ ᠪᠠᠶᠢᠨ᠎ᠠ᠃      ᠳᠤᠰᠤᠯ ᠢ ᠬᠤᠷᠢᠶᠠᠪᠠᠯ ᠳᠠᠯᠠᠢ ᠪᠤᠯᠤᠨ᠎ᠠ᠃ ᠴᠢ ᠪᠢᠳᠡᠨ ᠤ ᠬᠠᠷᠠᠮ ᠦᠭᠡᠢ ᠪᠠᠭ᠎ᠠ ᠴᠢᠷᠮᠠᠢᠯᠭ᠎ᠠ ᠴᠤ ᠭᠡᠰᠡᠨ ᠪᠤᠰᠤᠳ ᠲᠤ ᠬᠠᠯᠠᠭᠤᠨ ᠳᠤᠯᠠᠭᠠᠨ ᠢ ᠦᠭᠴᠤ ᠴᠢᠳᠠᠨᠨ᠎ᠠ᠃ ᠬᠠᠳᠠᠪᠴᠢ ᠪᠠᠯᠭᠠᠰᠤᠨ ᠤ ᠬᠠᠭ᠋ᠠᠭᠤᠯᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ᠳᠤᠮᠳᠠᠳᠤ ᠶᠢᠨ ᠦᠨᠳᠦᠰᠦᠲᠡᠨ ᠤ ᠵᠡᠮᠳᠡᠭᠴᠦᠳ ᠢ ᠲᠡᠳᠬᠦᠵᠦ ᠬᠦᠴᠢᠷᠳᠡᠯᠳᠡᠢ ᠢ ᠲᠤᠰᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ ᠳᠡᠯᠭᠡᠷᠡᠭᠦᠯᠵᠦ᠂ ᠪᠦᠬᠦ ᠨᠡᠶᠢᠭᠡᠮ ᠢᠶᠠᠷ ᠢᠶᠠᠨ ᠵᠡᠮᠳᠡᠭ ᠶᠠᠳᠠᠭᠤ ᠬᠦᠴᠢᠷᠳᠡᠯᠲᠡᠢ ᠬᠥᠮᠥᠰ ᠢ ᠤᠶᠢᠯᠠᠭᠠᠨ ᠬᠠᠪᠰᠤᠷᠬᠤ ᠨᠡᠶᠢᠭᠡᠮ ᠤᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠰᠠᠶᠢᠨ ᠰᠠᠶᠢᠬᠠᠨ ᠬᠦᠰᠡᠯ ᠡᠷᠡᠮᠡᠯᠵᠡᠯ ᠤᠨ ᠨᠡᠶᠢᠭᠡᠮ ᠤᠨ ᠬᠡᠪ ᠰᠤᠷᠲᠠᠯ ᠢ ᠪᠤᠢ  ᠪᠤᠯᠭᠠᠭᠰᠠᠨ ᠪᠠᠶᠢᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号