ᠬᠠᠳᠠᠪᠴᠢ ᠪᠠᠯᠭᠠᠰᠤ ᠨᠢ ︽ᠤᠯᠤᠰ ᠤᠨ ᠲᠤᠭ ᠤᠨ ᠨᠠᠮᠢᠷᠠᠭᠠᠨ ᠳᠤ ᠤᠮᠠᠷᠠᠳᠤ ᠶᠢᠨ ᠬᠢᠯᠢ ᠠᠮᠤᠭᠤᠯᠠᠩ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
      ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠣᠷᠣᠨ ᠤ ᠠᠮᠤᠷ ᠲᠣᠭᠲᠠᠭᠤᠨ ᠪᠠᠶᠢᠬᠤ ᠶᠢ ᠤᠯᠠᠮ ᠨᠢᠭᠡ ᠠᠯᠬᠤᠮ ᠪᠠᠬᠢᠵᠢᠭᠦᠯᠦᠨ᠂ ᠺᠠᠳ᠋ᠷ ᠣᠯᠠᠨ ᠲᠦᠮᠡᠨ ᠤ ᠤᠯᠤᠰ ᠤᠨ ᠤᠬᠠᠮᠰᠠᠷ᠂ ᠤᠯᠤᠰ ᠠᠷᠠᠳ ᠤᠨ ᠤᠬᠠᠮᠰᠠᠷ᠂ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 30 ᠤ ᠡᠳᠦᠷ᠂ ᠬᠠᠳᠠᠪᠴᠢ ᠪᠠᠯᠭᠠᠰᠤ ᠨᠢ       ︽ᠤᠯᠤᠰ ᠤᠨ ᠲᠤᠭ ᠤᠨ ᠨᠠᠮᠢᠷᠠᠭᠠᠨ ᠳᠤ ᠤᠮᠠᠷᠠᠳᠤ ᠶᠢᠨ ᠬᠢᠯᠢ ᠠᠮᠤᠭᠤᠯᠠᠩ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠮᠲᠤᠷᠠᠭᠰᠠᠨ ᠨᠠᠮ ᠤᠨ ᠬᠤᠷᠢᠶᠠᠨ ᠤ ᠭᠡᠰᠢᠭᠦᠨ ᠨᠢᠭᠡᠴᠡ ᠶᠢᠨ ᠺᠠᠳ᠋ᠷ ᠠᠵᠢᠯᠲᠠᠨ᠂ ᠭᠠᠴᠠᠭᠠᠨ ᠤ ᠨᠠᠮ ᠤᠨ ᠡᠭᠦᠷ ᠤᠨ ᠱᠦᠵᠢ᠂ ᠬᠡᠰᠡᠭ ᠨᠠᠮ ᠤᠨ ᠭᠡᠰᠢᠭᠦᠨ᠂ ᠮᠠᠯᠴᠢᠳ ᠵᠡᠷᠭᠡ 100 ᠭᠠᠷᠤᠶ ᠬᠥᠮᠦᠨ ᠣᠷᠣᠯᠴᠠᠵᠠᠶ᠃      ᠠᠵᠢᠯᠯᠠᠭᠠᠨ ᠳᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ᠂ ᠤᠯᠠᠭᠠᠨᠮᠥ᠋ᠴᠢᠷ ᠤᠨ ᠲᠣᠭᠯᠠᠯᠲᠠ᠂         ︽ᠤᠯᠤᠰ ᠤᠨ ᠲᠤᠭ ᠲᠠᠢ ᠬᠠᠮᠲᠤ ᠰᠡᠭᠦᠳᠡᠷᠯᠡᠬᠦ︾ ᠠᠵᠢᠯᠯᠠᠭ᠎ᠠ ᠦᠷᠨᠢᠭᠦᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ︾ ᠶᠢ ᠤᠬᠠᠭᠤᠯᠬᠤ ᠪᠠᠷ       ᠳᠠᠮᠵᠢᠭᠤᠯᠤᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠪᠠ᠃      ᠬᠠᠳᠠᠪᠴᠢ ᠪᠠᠯᠭᠠᠰᠤ ᠨᠢ ᠳᠠᠷᠠᠭᠠᠴᠢ ᠶᠢᠨ ᠠᠯᠬᠤᠮ ᠳᠤ ︽ᠤᠯᠤᠰ ᠤᠨ ᠲᠤᠭ ᠤᠨ ᠨᠠᠮᠢᠷᠠᠭᠠᠨ ᠳᠤ ᠤᠮᠠᠷᠠᠳᠤ  ᠶᠢᠨ ᠬᠢᠯᠢ ᠠᠮᠤᠭᠤᠯᠠᠩ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠣᠨᠣᠯ ᠤᠨ ᠤᠬᠠᠭᠤᠯᠤᠨ ᠲᠠᠶᠢᠯᠪᠤᠷᠢᠯᠠᠬᠤ᠂ ᠡᠷᠦᠬᠡ ᠳᠤ ᠣᠷᠣᠵᠤ ᠤᠬᠠᠭᠤᠯᠬᠤ᠂ ᠭᠤᠤᠯ ᠰᠡᠳᠦᠪᠲᠦ ᠨᠠᠮ ᠤᠨ ᠡᠳᠦᠷ᠂ ᠲᠣᠭᠤᠷᠢᠨ ᠦᠵᠡᠵᠦ ᠰᠤᠷᠤᠯᠴᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠮᠠᠯᠴᠢᠨ ᠲᠦᠮᠡᠨ ᠤ ᠬᠢᠯᠢ ᠬᠢᠵᠠᠭᠠᠷ ᠢᠶᠠᠨ ᠬᠠᠮᠠᠭᠠᠯᠠᠬᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠬᠦᠪᠴᠢᠯᠡᠵᠦ᠂ ᠬᠢᠯᠢ ᠬᠢᠵᠠᠭᠠᠷ ᠲᠤ ᠦᠨᠳᠦᠰᠦᠯᠡᠬᠦ᠂ ᠬᠢᠯᠢ ᠬᠢᠵᠠᠭᠠᠷ ᠢ ᠬᠠᠮᠠᠭᠠᠯᠠᠬᠤ᠂ ᠬᠢᠯᠢ ᠬᠢᠵᠠᠭᠠᠷ ᠢ ᠪᠥᠲᠥᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠪᠤᠢ ᠪᠤᠯᠭᠠᠵᠤ᠂ ᠤᠯᠠᠨ ᠲᠦᠮᠡᠨ ᠤ ᠪᠦᠯᠭᠦᠮᠳᠡᠨ ᠨᠢᠭᠲᠠᠷᠠᠵᠤ ᠬᠢᠯᠢ ᠬᠢᠵᠠᠭᠠᠷ ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠴᠢᠳᠠᠯ ᠢ ᠴᠤᠭᠴᠠᠯᠠᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号