ᠰᠠᠮᠠᠢ ᠰᠤᠮᠤ ᠨᠢ ︽ᠳᠥᠷᠪᠡ ᠶᠢ ᠲᠥᠪᠯᠡᠷᠡᠭᠦᠯᠵᠦ᠂ ᠳᠥᠷᠪᠡ ᠶᠢ ᠴᠢᠩᠭᠠᠳᠬᠠᠬᠤ︾ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/12
      ᠠᠮᠢᠨ ᠬᠡᠷᠡᠭ ᠢ ︽ᠰᠡᠷᠭᠡᠶᠢᠯᠡᠵᠦ ᠪᠣᠯᠬᠤ᠂ ᠡᠵᠡᠮᠳᠡᠵᠦ ᠪᠣᠯᠬᠤ᠂ ᠪᠠᠭᠤᠷᠠᠭᠤᠯᠵᠤ ᠪᠣᠯᠬᠤ︾ ᠠᠵᠢᠯ ᠤᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠰᠠᠮᠠᠢ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠪᠥᠬᠦ ᠰᠤᠮᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ ᠬᠠᠮᠠᠭᠠᠯᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠨᠢᠭᠡ᠂ ᠤᠯᠤᠰ ᠲᠥᠷᠥ ᠶᠢᠨ ᠵᠣᠭᠰᠣᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠶ      ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠣᠨ ᠤ ᠭᠤᠤᠯᠳᠠᠯᠭ᠎ᠠ ᠲᠠᠢ ᠡᠭᠦᠷᠭᠡ ᠳᠤ ᠣᠷᠣᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠪᠥᠬᠦ ᠰᠤᠮᠤᠨ ᠤ ᠨᠡᠶᠢᠭᠡᠮ ᠤᠨ ᠵᠠᠰᠠᠯᠲᠠ᠂ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠨ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠠᠵᠢᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠠᠮᠤᠷ ᠲᠦᠪᠰᠢᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠢᠴᠡᠳᠭᠡᠵᠦ᠂ ᠰᠡᠳᠬᠢᠴᠡ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠪᠡ᠃      ᠬᠤᠶᠠᠷ᠂ ᠵᠥᠷᠢᠴᠡᠯ ᠵᠢᠭᠤᠷᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ      ᠨᠡᠶᠢᠭᠡᠮ ᠤᠨ ᠵᠥᠷᠢᠴᠡᠯ ᠢ ︽ᠶᠡᠭᠡ ᠪᠠᠷ ᠵᠢᠭᠰᠠᠭᠠᠨ ᠪᠠᠶᠢᠴᠠᠭᠠᠬᠤ︾᠂ ︽ᠶᠡᠭᠡ ᠪᠠᠷ ᠠᠷᠢᠯᠭᠠᠬᠤ︾ ᠶᠢ ᠤᠯᠠᠮ ᠨᠢᠭᠡ ᠠᠯᠬᠤᠮ ᠭᠦᠨᠵᠡᠭᠡᠶ ᠥᠷᠨᠢᠭᠦᠯᠵᠦ᠂ ︽ᠬᠤᠶᠠᠷ ᠭᠠᠵᠠᠷ ᠨᠢᠭᠡ ᠲᠥᠪ︾ ᠤᠨ ᠦᠢᠯᠡᠳᠦᠯ ᠪᠠ ᠰᠦᠯᠵᠢᠶᠡᠵᠢᠭᠰᠡᠨ ᠬᠠᠮᠢᠶᠠᠷᠤᠯᠲᠠ ᠶᠢᠨ ᠳᠠᠪᠠᠭᠤᠯᠢᠭ ᠢ ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠬᠡᠪᠢᠰ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠵᠥᠷᠢᠴᠡᠯ ᠵᠢᠭᠤᠷᠠᠯᠳᠤᠭᠠᠨ ᠤ ᠡᠬᠡ ᠲᠠᠩᠰᠠ ᠪᠠᠶᠢᠭᠤᠯᠤᠨ᠂ ᠭᠤᠤᠯᠳᠠᠯᠭ᠎ᠠ ᠲᠠᠢ ᠬᠥᠮᠦᠰ ᠢ ᠬᠥᠮᠦᠵᠢᠭᠦᠯᠦᠨ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠬᠡᠷᠡᠭ ᠡᠭᠦᠰᠪᠡᠯ ᠬᠡᠷᠡᠭ ᠭᠠᠷᠭᠠᠬᠤ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ 19 ᠬᠥᠮᠦᠨ᠂ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯᠲᠠᠨ 19 ᠬᠥᠮᠦᠨ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠥᠮᠦᠰ ᠢ 3 ᠬᠥᠮᠦᠨ ᠳᠤ          ︽ᠨᠢᠭᠡ ᠳᠤ ᠨᠢᠭᠡ︾ ᠶᠢᠨ ᠤᠳᠤᠷᠢᠳᠬᠤ ᠺᠠᠳ᠋ᠷ ᠤᠨ ᠬᠠᠷᠢᠯᠴᠠᠬᠤ ᠲᠦᠷᠢᠮ ᠢ ᠨᠠᠶᠢᠳᠠᠪᠤᠷᠢᠵᠢᠭᠤᠯᠤᠨ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠵᠠᠭᠪᠤᠷ ᠢ ᠪᠣᠶ ᠪᠣᠯᠭᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠰᠢᠰᠲ᠋ᠧᠮ ᠲᠠᠢ ᠵᠠᠰᠠᠬᠤ ᠶᠢ ᠦᠨᠡᠨᠬᠦ ᠪᠡᠶᠡᠯᠡᠭᠦᠯᠦᠨ᠎ᠡ᠃ ᠵᠢᠯ ᠤᠨ ᠡᠬᠢᠨ ᠠᠴᠠ ᠨᠠᠭᠠᠰᠢ ᠰᠠᠮᠠᠢ ᠰᠤᠮᠤ 3 ᠤᠳᠠᠭ᠎ᠠ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠶᠢᠨ 3 ᠵᠢᠭᠤᠷᠠᠭᠠᠨ ᠢ ᠨᠠᠮᠳᠠᠭᠤᠯᠵᠤ᠂ ᠤᠷᠤᠭ ᠭᠡᠷ ᠪᠦᠯᠢ ᠶᠢᠨ ᠵᠢᠭᠤᠷᠠᠭᠠᠨ 1 ᠤᠳᠠᠭ᠎ᠠ᠂ ᠨᠤᠲᠤᠭ ᠪᠡᠯᠴᠢᠭᠡᠷ ᠤᠨ ᠵᠢᠭᠤᠷᠠᠭᠠᠨ 1 ᠤᠳᠠᠭ᠎ᠠ ᠪᠣᠯᠪᠠ᠃      ᠭᠤᠷᠪᠠ᠂ ᠦᠨᠳᠦᠰᠦᠲᠡᠨ ᠤ ᠪᠦᠯᠬᠦᠮᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠬᠤ ᠬᠡᠷᠡᠭᠲᠡᠢ      ᠬᠢᠯᠢ ᠬᠢᠵᠠᠭᠠᠷ ᠢ ᠰᠠᠬᠢᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠡᠯ᠎ᠡ ᠲᠥᠷᠥᠯ ᠤᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠰᠠᠮᠠᠢ ᠰᠤᠮᠤ ᠶᠢᠨ ᠬᠢᠨ ᠴᠡᠷᠢᠭ ᠴᠠᠭᠳᠠᠭ᠎ᠠ ᠬᠤᠯᠪᠣᠭᠠᠯᠠᠨ ᠰᠡᠷᠭᠡᠶᠢᠯᠡᠬᠦ ᠬᠤᠷᠠᠯ ᠵᠢᠴᠢ ᠬᠢᠯᠢ ᠬᠢᠵᠠᠭᠠᠷ ᠢ ᠴᠡᠪᠡᠷᠯᠡᠬᠦ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠡᠯ᠎ᠡ ᠨᠢᠭᠡᠴᠡ᠂ ᠰᠠᠯᠠᠭ᠎ᠠ ᠮᠥᠴᠢᠷ ᠤᠳ ᠬᠠᠮᠵᠢᠯᠴᠠᠨ ᠬᠠᠮᠵᠢᠯᠴᠠᠵᠤ᠂ ᠬᠢᠯᠢ ᠬᠢᠵᠠᠭᠠᠷ ᠢ ᠬᠠᠮᠠᠭᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠭᠤᠤᠯᠳᠠᠯᠭ᠎ᠠ ᠲᠠᠢ       ᠬᠡᠰᠡᠭ᠂ ᠭᠤᠤᠯᠳᠠᠯᠭ᠎ᠠ ᠲᠠᠢ ᠴᠠᠭ ᠬᠤᠭᠤᠴᠠᠭᠠᠨ ᠤ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠦᠷᠭᠦᠯᠵᠢᠯᠡᠨ ᠪᠠᠲᠤᠯᠠᠪᠠ︔ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠢ ᠳᠡᠷᠭᠡᠳᠡ ᠨᠢ ᠪᠠᠶᠢᠯᠭᠠᠬᠤ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠠᠵᠤ ᠠᠬᠤᠶᠢᠯᠠᠯ᠂ ᠬᠠᠷᠢᠶ᠎ᠠ ᠣᠷᠣᠨ ᠤ ᠬᠤᠳᠠᠯᠳᠤᠭᠠᠴᠢᠨ ᠡᠷᠦᠬᠡ ᠶᠢᠨ ᠰᠠᠭᠤᠭᠠᠯᠢ ᠠᠷᠠᠳ ᠵᠡᠷᠭᠡ ᠳᠤ ᠣᠷᠣᠵᠤ ᠤᠬᠠᠭᠤᠯᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠶ ᠳᠡᠪᠲᠡᠷ ᠲᠠᠷᠬᠠᠭᠠᠪᠠ᠃      ᠳᠥᠷᠪᠡ᠂ ᠤᠬᠠᠭᠤᠯᠵᠤ ᠬᠥᠲᠥᠯᠥᠨ ᠵᠢᠯᠣᠭᠤᠳᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠬᠡᠷᠡᠭᠲᠡᠶ      ᠭᠠᠴᠠᠭᠠᠨ ᠤ ᠨᠠᠮ ᠤᠨ ᠭᠡᠰᠢᠭᠦᠨ ᠭᠤᠤᠯᠯᠠᠭᠴᠢ ᠡᠷᠦᠬᠡ ᠳᠤ ᠭᠦᠨᠵᠡᠭᠡᠶᠢᠷᠡᠨ ᠰᠠᠮᠠᠢ ᠰᠤᠮᠤ ᠶᠢᠨ ᠠᠷᠠᠳ ᠤᠨ ᠡᠶᠡᠳᠡᠭᠦᠯᠦᠭᠴᠢ᠂ ︽ᠬᠠᠤᠯᠢ ᠴᠠᠭᠠᠵᠠ ᠶᠢᠨ ᠲᠣᠳᠣᠷᠬᠠᠶ ᠬᠥᠮᠦᠨ︾ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠳᠡᠪᠲᠡᠷ ᠢ 60 ᠭᠠᠷᠤᠶ ᠳᠡᠪᠲᠡᠷ ᠲᠠᠷᠬᠠᠭᠠᠵᠤ᠂ ᠰᠠᠮᠠᠢ ᠬᠠᠤᠯᠢ ᠴᠠᠭᠠᠵᠠ ᠶᠢᠨ ᠭᠠᠵᠠᠷ ᠰᠤᠮᠤᠨ ᠤ ᠠᠮᠤᠷ ᠲᠦᠪᠰᠢᠨ ᠤ ᠠᠯᠪᠠᠨ ᠬᠡᠷ ᠲᠠᠢ ᠬᠠᠮᠲᠤᠷᠠᠨ ᠮᠠᠯᠵᠢᠬᠤ ᠣᠷᠣᠨ ᠳᠤ ᠭᠦᠨᠵᠡᠭᠡᠶᠢᠷᠡᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠵᠦᠢᠯᠡᠰ ᠢ ᠪᠥᠬᠦ ᠲᠠᠯ᠎ᠠ ᠪᠠᠷ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢ ᠵᠢᠷᠤᠮᠯᠠᠭᠰᠠᠨ ᠰᠢᠯᠢᠳᠡᠭ ᠠᠷᠠᠳ ᠢᠷᠭᠡᠨ ᠪᠣᠯᠭᠠᠬᠤ ᠶᠢᠨ ᠬᠠᠮᠲᠤ ᠬᠠᠤᠯᠢ ᠴᠠᠭᠠᠵᠠ ᠪᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠪᠡ᠃ 800 ᠭᠠᠷᠤᠶ ᠮᠠᠯᠵᠢᠬᠤ ᠡᠷᠦᠬᠡ ᠶᠢ ᠰᠤᠷᠪᠤᠯᠵᠢᠯᠠᠨ ᠪᠠᠶᠢᠴᠠᠭᠠᠵᠤ᠂ 1000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号