ᠰᠠᠮᠠᠢ ᠰᠤᠮᠤ ᠨᠢ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ  ᠲᠠᠭᠠᠨ ᠤᠷᠤᠭᠰᠢᠯᠠᠬᠤ︾ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠤᠯᠠᠭᠠᠨ ᠪᠣᠭᠴᠣ︾ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/6/12
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠰᠠᠮᠠᠢ ᠰᠤᠮᠤ ᠨᠢ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠤᠯᠠᠭᠠᠨ ᠪᠣᠭᠴᠣ︾ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠤ ᠳᠠᠷᠤᠭ᠎ᠠ ᠵᠢᠴᠢ ᠪᠦᠬᠦ ᠺᠠᠳ᠋ᠷ ᠠᠵᠢᠯᠲᠠᠨ ᠬᠤᠷᠠᠯ ᠳᠤ         ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠳᠤᠷᠤᠨᠲᠤᠶᠠᠭ᠎ᠠ ᠠᠴᠠ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠᠷ ᠭᠤᠤᠯ ᠰᠡᠳᠦᠪ ᠪᠣᠯᠭᠠᠨ ᠲᠤᠰᠬᠠᠶ ᠰᠡᠳᠦᠪ ᠢᠶᠠᠷ ᠬᠢᠴᠢᠶᠡᠯᠯᠡᠵᠦ᠂ ︽ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠴᠣᠭᠴᠠᠯᠠᠵᠤ᠂ ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠪᠠ ᠦᠨᠳᠦᠰᠦᠲᠡᠨ ᠤ ᠠᠵᠢᠯ ᠤᠨ ᠣᠳᠣᠬᠢ ᠪᠠᠶᠢᠳᠠᠯ ᠵᠢᠴᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠬᠡᠷᠬᠢᠨ ᠥᠷᠨᠢᠭᠦᠯᠬᠦ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ᠂ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠠ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠵᠥᠪ ᠤᠶᠢᠯᠠᠭᠠᠨ ᠡᠵᠡᠮᠰᠢᠵᠦ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠰᠢᠨ᠎ᠡ ᠰᠡᠩᠬᠡᠷᠡᠭᠦᠯᠦᠯ ᠪᠠ ᠬᠠᠪᠰᠤᠷᠤᠯᠭ᠎ᠠ ᠦᠵᠡᠭᠦᠯᠵᠦ᠂ ᠨᠠᠮ ᠤᠨ ᠭᠡᠰᠢᠭᠦᠨ ᠺᠠᠳ᠋ᠷ ᠠᠵᠢᠯᠲᠠᠨ ᠤ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠢᠬᠤᠯᠠ ᠴᠢᠨᠠᠷ ᠢ ᠨᠠᠩ ᠭᠦᠨᠵᠡᠭᠡᠶ ᠰᠤᠷᠤᠯᠴᠠᠨ ᠡᠵᠡᠮᠰᠢᠭᠦᠯᠪᠡ᠃ ᠳᠠᠷᠠᠭᠠᠴᠢ ᠶᠢᠨ ᠠᠯᠬᠤᠮ ᠳᠤ᠂ ᠰᠠᠮᠠᠢ ᠰᠤᠮᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠢ ᠨᠠᠶᠢᠳᠠᠪᠤᠷᠢᠵᠢᠭᠤᠯᠵᠤ᠂ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂         ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠴᠢᠶᠠᠯᠠᠪᠤᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠲᠠᠪᠴᠠᠩ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号