ᠵᠡᠭᠦᠨ ᠬᠠᠲᠠᠪᠴᠢ ᠪᠣᠭᠤᠮᠲᠠ᠄ ᠪᠣᠭᠤᠮᠲᠠ ᠶᠢᠨ ︽ᠡᠯᠧᠺᠲᠷᠣᠨ ᠨᠢᠳᠦ︾ ᠪᠣᠭᠤᠮᠲᠠ ᠪᠠᠷ ᠥᠩᠭᠡᠷᠡᠬᠦ ᠳᠤ ᠨᠠᠩ ᠳᠥᠭᠦᠮ ᠳᠥᠲᠡ ᠪᠣᠯᠪᠠ
ᠨᠡᠶᠢᠲᠡᠯᠡᠭᠰᠡᠨ ᠴᠠᠭ᠄
2024/6/14
        ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷᠠᠭᠠᠨ ᠤ ᠲᠡᠭᠡᠭᠡᠪᠦᠷᠢ ᠶᠢᠨ ᠵᠠᠮ ᠤᠨ ᠲᠤᠬᠠᠶ ᠶᠢᠨ ᠲᠠᠯᠠᠪᠠᠶ ᠳᠤ᠂ ᠮᠣᠩᠭᠤᠯ ᠤᠯᠤᠰ ᠠᠴᠠ ᠢᠷᠡᠭᠰᠡᠨ ᠪᠠᠷᠠᠭᠠᠨ ᠤ ᠲᠡᠷᠭᠡ ᠨᠦᠭᠦᠳ ᠲᠦᠷᠭᠡᠨ ᠪᠥᠭᠡᠳ ᠡᠮᠬᠢ ᠵᠢᠷᠤᠮ ᠲᠠᠢ ᠪᠠᠷ ᠬᠢᠯᠢ ᠶᠢᠨ ᠪᠠᠶᠢᠴᠠᠭᠠᠯᠲᠠ᠂ ᠪᠣᠭᠤᠮᠲᠠ ᠪᠠᠷ ᠦᠩᠭᠡᠷᠡᠨ ᠡᠯ᠎ᠡ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠬᠥᠷᠪᠡ᠃        ᠪᠣᠭᠤᠮᠲᠠ ᠶᠢᠨ ᠮᠡᠳᠡᠭᠡ ᠵᠠᠩᠭᠢᠵᠢᠯᠲᠠ ᠶᠢᠨ ᠬᠢᠨᠠᠨ ᠡᠵᠡᠮᠳᠡᠬᠦ ᠵᠢᠯᠣᠭᠤᠳᠬᠤ ᠲᠥᠪ ᠤᠨ ᠵᠢᠵᠢᠭᠦᠷᠯᠡᠵᠦ ᠪᠠᠶᠢᠭ᠎ᠠ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠠᠵᠢᠯᠲᠠᠨ ᠳ᠋ᠦᠩ ᠰᠢᠶᠤᠤ ᠰᠢᠤᠢ ᠬᠠᠮᠲᠤ ᠠᠵᠢᠯᠯᠠᠭᠰᠠᠳ ᠲᠠᠢ ᠪᠠᠨ ᠬᠠᠮᠲᠤ ᠵᠢᠯᠣᠭᠤᠳᠬᠤ ᠲᠥᠪ ᠤᠨ ᠬᠡᠳᠦᠨ ᠠᠷᠪᠠᠨ ᠬᠢᠨᠠᠨ ᠡᠵᠡᠮᠳᠡᠬᠦ ᠵᠢᠷᠤᠭ ᠢ ᠪᠠᠶᠢᠴᠠᠭᠠᠨ ᠦᠵᠡᠭᠰᠡᠨ ᠪᠥᠭᠡᠳ ᠶᠠᠷᠢᠶᠠᠨ ᠤ ᠮᠠᠰᠢᠨ ᠢᠶᠠᠷ ᠳᠡᠮᠵᠢᠨ ᠨᠢᠭᠡ ᠵᠤᠷᠪᠤᠰ ᠠᠵᠢᠯ ᠤᠨ ᠵᠠᠷᠯᠢᠭ ᠭᠠᠷᠭᠠᠪᠠ᠃ ᠳ᠋ᠦᠩ ᠰᠢᠶᠤᠤ ᠰᠢᠤᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠲᠣ ᠪᠠᠷᠠᠭᠠᠨ ᠤ ᠲᠡᠭᠡᠭᠡᠪᠦᠷᠢ ᠪᠣᠭᠤᠮᠲᠠ ᠪᠠᠷ ᠥᠩᠭᠡᠷᠡᠬᠦ ᠳᠤ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠶᠢᠬᠤ ᠨᠢ ᠡᠨᠡ ᠵᠢᠯ ᠤᠨ 4 ᠰᠠᠷ᠎ᠠ ᠳᠤ ᠵᠢᠩᠬᠢᠨᠢ ᠪᠠᠷ ᠬᠡᠷᠡᠭᠯᠡᠭᠰᠡᠨ ᠪᠠᠷᠠᠭᠠᠨ ᠤ ᠲᠡᠭᠡᠭᠡᠪᠦᠷᠢ ᠶᠢᠨ H986 ᠲᠣᠮᠣ ᠬᠡᠯᠪᠡᠷᠢ ᠶᠢᠨ ᠮᠠᠰᠢᠨ ᠪᠠᠶᠢᠴᠠᠭᠠᠬᠤ ᠲᠥᠬᠦᠭᠡᠷᠦᠮᠵᠢ ᠠᠴᠠ ᠪᠣᠯᠵᠣ᠂ H986 ᠮᠠᠰᠢᠨ ᠢᠶᠠᠷ ᠪᠠᠶᠢᠴᠠᠭᠠᠨ ᠰᠢᠯᠭᠠᠬᠤ ᠳᠤ ᠬᠠᠶᠢᠷᠴᠠᠭ ᠠᠭᠤᠳᠠᠯᠬᠤ᠂ ᠨᠡᠭᠡᠭᠡᠨ ᠵᠠᠳᠠᠯᠬᠤ ᠪᠠ ᠬᠠᠶᠢᠷᠴᠠᠭ ᠢ ᠰᠠᠪᠠᠯᠠᠬᠤ ᠵᠡᠷᠭᠡ ᠭᠤᠭᠴᠤᠭ᠎ᠠ ᠶᠢ ᠠᠷᠪᠢᠯᠠᠵᠤ᠂ ᠴᠢᠩᠭᠡᠯᠢᠭ ᠢ ᠰᠢᠭᠤᠳ ᠰᠢᠷᠪᠢᠵᠦ᠂ ᠪᠣᠭᠤᠮᠲᠠ ᠪᠠᠷ ᠥᠩᠭᠡᠷᠡᠬᠦ ᠴᠠᠭ ᠢ ᠲᠦᠢᠯ ᠤᠨ ᠶᠡᠭᠡ ᠪᠠᠷ ᠪᠣᠭᠤᠨᠢᠰᠬᠠᠭᠰᠠᠨ ᠪᠥᠭᠡᠳ ᠪᠠᠶᠢᠴᠠᠭᠠᠨ ᠰᠢᠯᠭᠠᠭᠳᠠᠭᠰᠠᠨ ᠪᠠᠷᠠᠭ᠎ᠠ ᠶᠢ ᠴᠦ ᠨᠡᠯᠢᠶᠡᠳ ᠰᠠᠶᠢᠨ ᠬᠠᠮᠠᠭᠠᠯᠠᠵᠤ ᠴᠢᠳᠠᠭᠰᠠᠨ ᠪᠠᠶᠢᠨ᠎ᠠ᠃ ᠥᠩᠭᠡᠷᠡᠭᠰᠡᠨ ᠳᠤ ᠬᠥᠮᠦᠨ ᠤ ᠬᠦᠴᠦ ᠪᠠᠷ ᠡᠳ᠋ ᠪᠠᠷᠠᠭ᠎ᠠ ᠶᠢ ᠪᠠᠶᠢᠴᠠᠭᠠᠨ ᠰᠢᠯᠭᠠᠬᠤ ᠳᠤ ᠴᠠᠭ ᠪᠠ ᠬᠦᠴᠦᠨ ᠳᠤ ᠠᠷᠪᠢ ᠦᠭᠡᠢ ᠪᠠᠶᠢᠭᠰᠠᠨ ᠠᠴᠠ ᠥᠨᠥᠳᠥᠷ ᠤᠨ ᠪᠣᠭᠤᠮᠲᠠ ᠪᠠᠷ ᠥᠩᠭᠡᠷᠡᠬᠦ᠂ ᠳᠤ ᠬᠡᠳᠦᠬᠡᠨ ᠰᠧᠺᠦ᠋ᠨ᠋ᠳ᠋ ᠲᠤ ᠥᠩᠭᠡᠷᠡᠵᠤ᠂ ᠬᠥᠮᠥᠨ ᠤ ᠬᠦᠴᠦᠨ ᠢ ᠠᠷᠪᠢᠯᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃        ᠣᠶᠢᠯᠠᠭᠠᠭᠰᠠᠨ ᠢᠶᠠᠷ᠂ H986 ᠪᠣᠯ ᠪᠣᠭᠤᠮᠲᠠ ᠶᠢᠨ ᠲᠣᠮᠣ ᠬᠡᠯᠪᠡᠷᠢ ᠶᠢᠨ ᠴᠢᠩᠭᠡᠯᠢᠭ ᠤᠨ ᠪᠠᠶᠢᠴᠠᠭᠠᠯᠲᠠ ᠶᠢᠨ ᠰᠢᠰᠲ᠋ᠧᠮ ᠤᠨ ᠲᠣᠪᠴᠢ ᠨᠡᠷᠡᠶᠢᠳᠦᠯ ᠪᠣᠯᠤᠨ᠎ᠠ᠂ ᠶᠡᠷᠦ ᠠᠴᠠ ᠪᠣᠭᠤᠮᠲᠠ ᠶᠢᠨ ︽ᠡᠯᠧᠺᠲᠷᠣᠨ ᠨᠢᠳᠦ︾ ᠭᠡᠳᠡᠭ᠂ ᠬᠦᠴᠦᠷᠬᠡᠭ ᠶᠡᠭᠡ ᠰᠢᠷᠪᠢᠯᠲᠡ ᠪᠠᠷ ᠳᠦᠷᠰᠦ ᠪᠦᠲᠦᠭᠡᠬᠦ ᠴᠢᠳᠠᠮᠵᠢ ᠶᠢ ᠠᠰᠢᠭᠯᠠᠨ᠂ ᠵᠠᠳᠠᠯᠤᠯᠲᠠ ᠶᠢᠨ ᠰᠢᠰᠲ᠋ᠧᠮ ᠤᠨ ᠮᠠᠰᠢᠨ ᠤ ᠪᠠᠶᠢᠴᠠᠭᠠᠯᠲᠠ ᠶᠢᠨ ᠵᠢᠷᠤᠭ ᠳᠦᠷᠰᠦ ᠶᠢ ᠪᠦᠲᠦᠮᠵᠢᠲᠡᠶ ᠢᠯᠭᠠᠨ ᠲᠠᠨᠢᠵᠤ ᠴᠢᠳᠠᠬᠤ ᠪᠥᠭᠡᠳ ᠳᠠᠪᠬᠤᠷᠳᠠᠭᠰᠠᠨ ᠡᠳ᠋ ᠪᠣᠳᠠᠰ ᠢ ᠢᠯᠭᠠᠨ ᠲᠠᠨᠢᠵᠤ᠂ ᠴᠢᠩᠭᠡᠯᠢᠭ ᠳᠠᠬᠢ ᠡᠳ᠋ ᠪᠠᠷᠠᠭ᠎ᠠ ᠶᠢ ᠨᠢᠭᠡ ᠯᠡ ᠤᠳᠠᠭ᠎ᠠ ᠳᠤ ᠢᠯᠭᠠᠨ ᠲᠠᠨᠢᠵᠤ᠂ ᠡᠭᠦᠨ ᠤ ᠤᠯᠠᠮ ᠠᠴᠠ ᠲᠡᠳᠡᠭᠡᠷ ᠬᠠᠭᠤᠷᠮᠠᠭ ᠮᠡᠳᠡᠭᠡ᠂ ᠬᠠᠪᠴᠢᠭᠤᠯᠤᠨ ᠬᠠᠳᠠᠭᠠᠯᠠᠭᠰᠠᠨ ᠬᠠᠤᠯᠢ ᠪᠤᠰᠤ ᠠᠵᠢᠯᠯᠠᠭ᠎ᠠ ᠶᠢ ᠨᠠᠪᠲᠠᠷ ᠬᠠᠷᠠᠵᠤ᠂ ᠲᠦᠷᠭᠡᠨ ᠪᠥᠭᠡᠳ ᠣᠨᠣᠪᠴᠢᠲᠠᠶ ᠳᠠᠪᠠᠭᠤᠯᠢᠭ ᠲᠠᠢ ᠪᠣᠯᠭᠠᠵᠠᠢ᠃ ᠣᠲᠣ ᠪᠣᠯᠲᠠᠯ᠎ᠠ᠂ H986 ᠲᠣᠮᠣ ᠬᠡᠯᠪᠡᠷᠢ ᠶᠢᠨ ᠮᠠᠰᠢᠨ ᠪᠠᠶᠢᠴᠠᠭᠠᠬᠤ ᠲᠥᠬᠦᠭᠡᠷᠦᠮᠵᠢ ᠨᠢᠭᠡᠨᠲᠡ 539 ᠬᠡᠪ ᠤᠨ ᠪᠤᠰᠤ ᠲᠡᠭᠡᠭᠡᠪᠦᠷᠢ ᠶᠢᠨ ᠲᠡᠷᠭᠡ ᠶᠢ ᠰᠢᠷᠪᠢᠨ ᠭᠠᠷᠭᠠᠪᠠ᠃        ᠳᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠪᠣᠭᠤᠮᠲᠠ ᠵᠥᠪ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠷᠢᠯᠢᠭ ᠤᠨᠤᠪᠴᠢᠲᠠᠢ ᠪᠦᠲᠦᠮᠵᠢᠲᠡᠢ ᠦᠢᠯᠡᠴᠢᠯᠡᠵᠦ᠂ ᠤᠶᠤᠨᠲᠤ ᠪᠣᠭᠤᠮᠲᠠ ᠶᠢᠨ ᠪᠦᠳᠦᠭᠡᠨ ᠪᠠᠶᠢᠭᠤᠯᠤᠯᠲᠠ᠂ ᠤᠶᠤᠨᠴᠢ ᠪᠣᠭᠤᠮᠲᠠ ᠶᠢᠨ ᠬᠦᠴᠦᠷᠬᠡᠭ ᠤᠯᠤᠰ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号