ᠮᠠᠨᠳᠤᠬᠤᠪᠤᠯᠠᠭ ᠪᠠᠯᠭᠠᠰᠤ ︽ᠬᠡᠪᠰᠢᠮᠡᠯ ᠵᠠᠩ ᠳᠠᠳᠬᠠᠯ ᠢ ᠥᠭᠡᠷᠡᠴᠢᠯᠡᠵᠦ᠂ ᠪᠣᠯᠪᠠᠰᠤᠨ ᠢ ᠣᠯᠠᠮᠵᠢᠯᠠᠨ ᠂  ᠰᠢᠨ᠎ᠡ ᠬᠡᠪ ᠰᠤᠷᠲᠠᠯ ᠢ ᠪᠤᠢ ᠪᠣᠯᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/14
      ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠣᠢ ᠪᠣᠯᠭᠠᠬᠤ ᠶᠢᠨ ᠲᠥᠯᠦᠭᠡ᠂ 5 ᠰᠠᠷ᠎ᠠ ᠶᠢᠨ 21 ᠤ ᠡᠳᠦᠷ᠂ ᠮᠠᠨᠳᠤᠬᠤᠪᠤᠯᠠᠭ ᠪᠠᠯᠭᠠᠰᠤ ︽ᠬᠡᠪᠰᠢᠮᠡᠯ ᠵᠠᠩ ᠳᠠᠳᠬᠠᠯ ᠢ ᠥᠭᠡᠷᠡᠴᠢᠯᠡᠵᠦ᠂ ᠪᠣᠯᠪᠠᠰᠤᠨ ᠢ ᠤᠯᠠᠮᠵᠢᠯᠠᠨ᠂ ᠰᠢᠨ᠎ᠡ ᠰᠤᠷᠲᠠᠯ ᠢ ᠪᠣᠶ ᠪᠣᠯᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ᠂ ᠪᠥᠬᠦ ᠺᠠᠳ᠋ᠷ ᠠᠵᠢᠯᠲᠠᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠭᠡᠰᠢᠬᠦᠳ᠂ ᠬᠡᠰᠡᠭ ᠮᠠᠯᠴᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃      ᠮᠠᠨᠳᠤᠬᠤᠪᠤᠯᠠᠭ ᠪᠠᠯᠭᠠᠰᠤᠨ ᠤ ᠤᠬᠠᠭᠤᠯᠬᠤ ᠭᠡᠰᠢᠭᠦᠨ ᠵᠠᠯᠸ᠎ᠠ ᠣᠳᠣᠬᠠᠨ ᠤ ᠮᠠᠯᠵᠢᠬᠤ ᠣᠷᠣᠨ ᠳᠤ ᠣᠷᠣᠰᠢᠵᠤ ᠪᠠᠶᠢᠭ᠎ᠠ ᠵᠢᠯ ᠣᠷᠤᠬᠤ᠂ ᠤᠷᠤᠭ ᠤᠨ ᠶᠠᠪᠤᠳᠠᠯ ᠤᠨ ᠬᠦᠷᠢᠶᠡᠨ ᠳᠤ ᠪᠦᠷᠢᠯᠭᠡᠨ ᠰᠦᠢᠳᠬᠡᠬᠦ᠂ ︽ᠨᠠᠶᠢᠷ ᠲᠠᠯ᠎ᠠ ᠶᠢᠨ ᠬᠡᠷᠡᠭᠯᠡᠭᠡ︾ ᠶᠠᠪᠤᠬᠤ ᠳᠤᠳᠤᠮ ᠨᠡᠮᠡᠭᠳᠡᠵᠦ ᠪᠠᠶᠢᠭ᠎ᠠ ᠦᠵᠡᠭᠳᠡᠯ᠂ ᠭᠠᠴᠠᠭᠠᠨ ᠤ ᠳᠦᠷᠢᠮ ᠠᠷᠠᠳ ᠤᠨ    ᠭᠡᠷ᠎ᠡ᠂ ᠰᠢᠨ᠎ᠡ ᠰᠤᠷᠲᠠᠯ ᠢ ᠪᠤᠢ ᠪᠣᠯᠭᠠᠬᠤ ᠵᠡᠷᠭᠡ ᠬᠡᠳᠦᠨ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂ ᠠᠭᠤᠯᠭ᠎ᠠ ᠨᠢ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠤᠯᠠᠨ ᠲᠦᠮᠡᠨ ᠤ ᠠᠩᠬᠠᠷᠤᠯ ᠢ ᠲᠠᠲᠠᠨ᠂ ᠪᠣᠯᠪᠠᠰᠤᠨ ᠰᠢᠨ᠎ᠡ ᠰᠤᠷᠲᠠᠯ ᠢ ᠴᠤᠤᠷᠢᠶᠠᠲᠤᠭᠤᠯᠵᠠᠢ᠃      ᠳᠠᠷᠠᠭ᠎ᠠ ᠨᠢ ︽ᠵᠠᠩ ᠳᠠᠳᠬᠠᠯ ᠢ ᠥᠭᠡᠷᠡᠴᠢᠯᠡᠬᠦ︾ ᠪᠠᠷ ᠭᠤᠣᠯᠳᠠᠭᠤᠯᠵᠤ᠂ ᠤᠯᠠᠨ ᠢᠶᠠᠷ ᠢᠶᠠᠨ ︽ᠵᠢᠯ ᠣᠷᠤᠬᠤ ᠶᠢ ᠶᠡᠬᠡᠪᠡᠷ ᠪᠡᠯᠡᠳᠬᠡᠬᠦ︾᠂ ︽ᠬᠤᠷᠢᠮ ᠤᠨ ᠶᠣᠰᠣᠯᠠᠯ ᠤᠨ ᠶᠡᠭᠡ ᠪᠠᠷ ᠬᠢᠵᠦ ᠪᠦᠷᠢᠯᠭᠡᠬᠦ︾᠂ ︽ᠭᠡᠷ ᠪᠦᠯᠢ ᠶᠢᠨ ᠰᠤᠷᠲᠠᠯ ᠰᠤᠷᠭᠠᠯ︾ ᠵᠡᠷᠭᠡ ᠲᠠᠯ᠎ᠠ ᠪᠠᠷ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃      ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠵᠤ᠂ ᠬᠡᠪᠰᠢᠮᠡᠯ ᠵᠠᠩ ᠳᠠᠳᠬᠠᠯ ᠢ ᠥᠭᠡᠷᠡᠴᠢᠯᠡᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠬᠠᠭᠤᠴᠢᠨ ᠵᠤᠷᠰᠢᠯ ᠢ ᠡᠪᠳᠡᠵᠦ᠂ ᠮᠠᠭᠤ ᠳᠠᠳᠬᠠᠯ ᠢ ᠠᠷᠢᠯᠭᠠᠨ᠂ ᠪᠣᠯᠪᠠᠰᠤᠨ ᠢ ᠤᠯᠠᠮᠵᠢᠯᠠᠵᠤ᠂ ᠰᠢᠨ᠎ᠡ ᠰᠤᠷᠲᠠᠯ ᠢ ᠪᠤᠶ ᠪᠣᠯᠭᠠᠨ᠂ ᠥᠷᠭᠡᠨ ᠤᠯᠠᠨ ᠲᠦᠮᠡᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠯᠠᠮᠵᠢᠯᠠᠯ ᠢ ᠬᠦᠨᠳᠦᠳᠬᠡᠬᠦ᠂ ᠤᠯᠠᠮᠵᠢᠯᠠᠯ ᠢ ᠪᠠᠳᠠᠷᠠᠭᠤᠯᠬᠤ ᠦᠵᠡᠯ ᠰᠠᠨᠠᠭ᠎ᠠ ᠣᠶᠢᠯᠠᠭᠠᠭᠳᠠᠬᠤᠨ ᠢ ᠬᠥᠮᠥᠵᠢᠭᠦᠯᠦᠨ ᠪᠤᠢ ᠪᠣᠯᠭᠠᠵᠤ᠂ ᠲᠡᠳᠡᠨ ᠤ ᠳᠤᠮᠳᠠᠳᠤ ᠶᠢᠨ ᠰᠢᠯᠢᠳᠡᠭ ᠰᠣᠶᠣᠯ ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠦᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠬᠠᠷᠢᠯᠴᠠᠨ ᠬᠦᠨᠳᠦᠳᠬᠡᠵᠦ ᠬᠠᠷᠢᠯᠴᠠᠨ ᠬᠠᠶᠢᠷᠠᠯᠠᠬᠤ᠂ ᠨᠥᠬᠦᠷᠰᠡᠭ ᠢᠶᠠᠷ ᠶᠠᠪᠤᠯᠴᠠᠬᠤ ᠶᠢ ᠬᠥᠲᠥᠯᠥᠨ ᠵᠢᠯᠤᠭᠤᠳᠴᠤ᠂ ᠤᠯᠠᠨ ᠢᠶᠠᠷ ᠢᠶᠠᠨ ᠭᠠᠷ ᠬᠤᠯᠪᠣᠯᠴᠠᠨ ᠳᠥᠭᠦᠮ ᠪᠣᠷᠣᠭᠵᠢᠭᠤᠨ ᠠᠷᠢᠭᠤᠨ ᠴᠡᠪᠡᠷ ᠨᠡᠶᠢᠭᠡᠮ ᠤᠨ ᠬᠡᠪ ᠰᠤᠷᠲᠠᠯ ᠢ ᠬᠠᠮᠲᠤ ᠪᠠᠷ ᠪᠤᠢ ᠪᠣᠯᠭᠠᠨ᠂ ᠪᠣᠯᠪᠠᠰᠤᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠪᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号