ᠮᠠᠨᠳᠤᠬᠤᠪᠤᠯᠠᠭ ᠪᠠᠯᠭᠠᠰᠤ ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/14
      ᠮᠠᠨᠳᠤᠬᠤᠪᠤᠯᠠᠭ ᠪᠠᠯᠭᠠᠰᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠳᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠤᠳᠠ ᠪᠠᠯᠭᠠᠰᠤᠨ ᠤ ᠣᠷᠴᠢᠨ ᠲᠣᠭᠤᠷᠢᠨ ᠤ ︽ᠪᠣᠬᠢᠷᠲᠤᠯ᠂ ᠰᠠᠮᠠᠭᠤᠷᠠᠯ᠂ ᠠᠨᠠᠢ᠂ ᠲᠦᠭᠵᠢᠷᠡᠯ︾ ᠤᠨ ᠠᠰᠠᠭᠤᠳᠠᠯ ᠢᠶᠠᠷ ᠭᠤᠣᠯᠳᠠᠯᠭ᠎ᠠ ᠪᠣᠯᠭᠠᠨ᠂ ᠪᠦᠭᠦ ᠬᠦᠴᠦᠨ ᠢᠶᠠᠷ ᠢᠶᠠᠨ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠤᠳᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠠᠢ᠃      2024 ᠣᠨ ᠤ 4 ᠰᠠᠷ᠎ᠠ ᠶᠢᠨ 2 ᠤᠨ ᠡᠳᠦᠷ ᠠᠴᠠ ᠡᠬᠢᠯᠡᠨ᠂ ᠮᠠᠨᠳᠤᠬᠤᠪᠤᠯᠠᠭ ᠪᠠᠯᠭᠠᠰᠤ ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠵᠠᠰᠠᠯᠲᠠ ᠶᠢ ᠶᠡᠬᠡᠪᠡᠷ ᠴᠡᠭᠴᠡᠯᠡᠨ ᠵᠠᠰᠠᠬᠤ᠂ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ 40 ᠭᠠᠷᠤᠢ ᠡᠳᠦᠷ ᠦᠷᠭᠦᠯᠵᠢᠯᠡᠨ ᠥᠷᠨᠢᠭᠦᠯᠵᠦ᠂ ᠣᠲᠣ ᠪᠣᠯᠲᠠᠯ᠎ᠠ ᠪᠥᠬᠦ ᠪᠠᠯᠭᠠᠰᠤ ᠪᠠᠷ ᠢᠶᠠᠨ ᠬᠠᠷᠢᠶ᠎ᠠ ᠣᠷᠣᠨ ᠤ 331 ᠤᠯᠤᠰ ᠤᠨ ᠵᠠᠮ ᠱᠤᠭᠤᠮ ᠤᠨ ᠳᠠᠭᠠᠤ ᠶᠢᠨ 100 ᠭᠠᠷᠤᠢ ᠺᠢᠯᠣᠮᠧᠲᠷ᠂ ᠬᠠᠷᠢᠶ᠎ᠠ ᠣᠷᠣᠨ ᠤ ᠬᠢᠯᠢ ᠶᠢᠨ ᠱᠤᠭᠤᠮ ᠤᠨ 80 ᠭᠠᠷᠤᠢ ᠺᠢᠯᠣᠮᠧᠲᠷ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ 600 ᠭᠠᠷᠤᠢ ᠲᠣᠨ ᠴᠡᠪᠡᠷᠯᠡᠵᠦ᠂ 300 ᠭᠠᠷᠤᠢ ᠳᠤᠷ᠎ᠠ ᠪᠠᠷ ᠢᠶᠠᠨ ᠵᠣᠭᠰᠣᠭᠠᠵᠤ ᠲᠠᠯᠪᠢᠭᠰᠠᠨ ᠲᠡᠷᠭᠡ ᠶᠢ ᠴᠡᠭᠴᠡᠯᠡᠨ᠂ ᠨᠡᠶᠢᠲᠡ 800 ᠬᠥᠮᠥᠨ ᠤᠳᠠᠭ᠎ᠠ᠂ 100 ᠭᠠᠷᠤᠢ ᠬᠤᠭ ᠨᠣᠪᠰᠢ ᠴᠡᠪᠡᠷᠯᠡᠬᠦ ᠲᠡᠷᠭᠡ ᠶᠢ ᠬᠦᠳᠡᠯᠭᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠬᠠᠮᠢᠶᠠᠷᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号