ᠮᠠᠨᠳᠤᠬᠤᠪᠤᠯᠠᠭ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠠᠷᠤ ᠬᠠᠳᠠ ᠠᠭᠤᠷᠬᠠᠢ ᠶᠢᠨ ᠠᠷᠠᠳ ᠤᠨ ᠲᠦᠯᠦᠭᠡᠯᠡᠭᠴᠢᠳ ᠤᠨ ᠬᠠᠷᠢᠯᠴᠠᠬᠤ ᠥᠷᠲᠡᠭᠡᠨ ᠤ ᠭᠤᠤᠯ ᠰᠠᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/14
      ᠮᠠᠨᠳᠤᠬᠤᠪᠤᠯᠠᠭ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠠᠷᠠᠳ ᠤᠨ ᠲᠦᠯᠦᠭᠡᠯᠡᠭᠴᠢ ᠨᠠᠷ ᠤᠨ ᠲᠤᠰᠢᠶᠠᠯ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠪᠠᠲᠤᠳᠬᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭ᠎ᠠ ᠠᠳᠬᠤᠬᠤ ᠶᠢ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠠ ᠡᠭᠦᠷᠭᠡ ᠪᠠᠨ ᠪᠣᠯᠭᠠᠵᠤ᠂ ᠪᠦᠬᠦ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠠ ᠠᠮᠢ ᠠᠬᠤᠢ ᠶᠢᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 5ᠰᠠᠷ᠎ᠠ ᠶᠢᠨ 24 ᠤ ᠡᠳᠦᠷ ᠮᠠᠨᠳᠣᠬᠤᠪᠤᠯᠠᠭ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ 16 ᠨᠠᠷ᠎ᠡ ᠬᠤᠰᠢᠭᠤ᠂ ᠪᠠᠯᠭᠠᠰᠣ ᠬᠤᠶᠠᠷ ᠳᠡᠰ ᠤᠨ ᠠᠷᠠᠳ ᠤᠨ ᠲᠦᠯᠦᠭᠡᠯᠡᠭᠴᠢ ᠶᠢ ᠵᠤᠬᠢᠶᠠᠨ ᠪᠠᠶᠢᠭᠤᠯᠵᠤ ᠠᠷᠤ ᠬᠠᠳᠠ ᠠᠭᠤᠷᠬᠠᠢ ᠶᠢᠨ ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠥᠷᠲᠡᠭᠡ ᠳᠤ ᠬᠦᠷᠴᠦ ᠬᠠᠷᠢᠯᠴᠠᠬᠤ ᠦᠷᠲᠡᠭᠡᠨ ᠤ ᠭᠤᠤᠯ ᠰᠡᠳᠦᠪᠲᠦ ᠠᠵᠢᠯᠯᠠᠭ᠎ᠠ ᠳᠤ ᠣᠷᠤᠯᠴᠠᠪᠠ᠃      ᠲᠦᠯᠦᠭᠡᠯᠡᠭᠴᠢᠳ ᠶᠠᠭᠤᠨ ᠤ ᠡᠮᠦᠨ᠎ᠡ ᠠᠭᠤᠷᠬᠠᠢ ᠶᠢᠨ ᠣᠷᠤᠨ ᠤ ᠰᠣᠶᠤᠯ ᠤᠨ ᠭᠤᠳᠤᠮᠵᠢ ᠶᠢ ᠲᠣᠭᠤᠷᠢᠨ ᠦᠵᠡᠵᠦ᠂ ᠠᠷᠤ ᠬᠠᠳᠠ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠬᠥᠭᠵᠢᠯᠲᠡ ᠬᠤᠪᠢᠷᠠᠯᠲᠠ ᠶᠢ ᠣᠶᠢᠯᠭᠠᠨ᠂ ᠠᠵᠤ ᠠᠬᠤᠶᠢᠯᠠᠯ᠂ ᠭᠠᠵᠠᠷ ᠣᠷᠤᠨ ᠤ ᠬᠠᠷᠢᠯᠴᠠᠨ ᠠᠭᠤᠰᠤᠯᠴᠠᠵᠤ᠂ ᠬᠠᠷᠢᠯᠴᠠᠨ ᠬᠠᠪᠰᠤᠷᠤᠯᠴᠠᠵᠤ᠂ ᠬᠠᠮᠲᠣᠪᠡᠷ ᠳᠠᠪᠰᠢᠬᠤ ᠪᠠ ᠪᠣᠬᠢᠷᠳᠤᠯ ᠦᠭᠡᠢ ᠪᠠᠷ ᠬᠥᠭᠵᠢᠭᠦᠯᠬᠦ ᠠᠵᠢᠯ ᠤᠨ ᠲᠠᠯ᠎ᠠ ᠪᠠᠷ ᠬᠢ ᠠᠷᠭ᠎ᠠ ᠲᠣᠷᠰᠢᠯᠭ᠎ᠠ ᠶᠢ ᠣᠶᠢᠯᠭᠠᠨ ᠰᠣᠷᠣᠯᠴᠠᠪᠠ᠃      ᠳᠠᠷᠠᠭ᠎ᠠ ᠨᠢ ᠠᠷᠠᠳ ᠤᠨ ᠲᠦᠯᠦᠭᠡᠯᠡᠭᠴᠢᠳ ᠤᠨ ᠬᠠᠷᠢᠯᠴᠠᠬᠤ ᠦᠷᠲᠡᠭᠡᠨ ᠤ ᠰᠠᠭᠤᠷᠢᠨ ᠭᠠᠵᠠᠷ ᠲᠤ ᠬᠦᠷᠴᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠦᠵᠡᠵᠤ ᠪᠠᠯᠭᠠᠰᠤᠨ ᠤ ᠲᠠᠯ᠎ᠠ ᠠᠴᠠ ᠲᠦᠯᠦᠭᠡᠯᠡᠭᠴᠢᠳ ᠪᠤᠯᠤᠨ ᠠᠭᠤᠷᠬᠠᠢ ᠶᠢᠨ ᠺᠠᠲᠠᠷ ᠠᠵᠢᠯᠲᠠᠨ ᠤ ᠵᠤᠬᠢᠶᠠᠨ ᠪᠠᠶᠢᠭᠤᠯᠵᠤ ᠲᠣᠬᠠᠢ ᠶᠢᠨ ᠲᠠᠯᠠᠪᠠᠢ ᠳᠤ ᠳᠤᠮᠳᠠᠳᠤ ᠶᠢᠨ ᠦᠨᠳᠦᠰᠦᠲᠡᠨ ᠤ ᠬᠠᠮᠲᠣ ᠶᠢᠨ ᠴᠣᠭᠴᠠ ᠶᠢᠨ ᠦᠵᠡᠯ ᠤᠬᠠᠮᠰᠠᠷ ᠢ ᠪᠠᠲᠣᠳᠬᠠᠬᠤ ᠲᠠᠯ᠎ᠠ ᠪᠠᠷ ᠲᠣᠰᠬᠠᠢ ᠰᠡᠳᠦᠪᠲᠦ ᠰᠣᠷᠣᠯᠴᠠᠯᠭ᠎ᠠ ᠣᠬᠠᠭᠤᠯᠭ᠎ᠠ ᠶᠢ ᠦᠷᠨᠢᠭᠦᠯᠦᠭᠰᠡᠨ ᠪᠠᠶᠢᠨ᠎ᠠ᠃      ᠬᠠᠮᠤᠭ ᠰᠡᠭᠦᠯ ᠳᠤ ᠠᠷᠠᠳ ᠤᠨ ᠲᠦᠯᠦᠭᠡᠯᠡᠭᠴᠢ ᠨᠠᠷ ᠠᠭᠤᠷᠬᠠᠢ ᠶᠢᠨ ᠺᠠᠲᠠᠷ ᠠᠵᠢᠯᠲᠠᠳ ᠲᠠᠢ ᠬᠠᠮᠲᠣᠪᠡᠷ ᠠᠭᠤᠷᠬᠠᠢ ᠶᠢᠨ ᠡᠷᠭᠢᠨ ᠲᠣᠭᠤᠷᠢᠨ ᠳᠤ ᠮᠣᠳᠤ ᠲᠠᠷᠢᠵᠤ ᠨᠣᠭᠤᠭᠠᠷᠠᠭᠤᠯᠬᠤ ᠠᠵᠢᠯᠯᠠᠭ᠎ᠠ ᠳᠤ ᠣᠷᠤᠯᠴᠠᠵᠤ᠂ ᠠᠷᠠᠳ ᠤᠨ ᠲᠦᠯᠦᠭᠡᠯᠡᠭᠴᠢᠳ ᠠᠭᠤᠷᠬᠠᠢ ᠶᠢᠨ ᠣᠷᠤᠨ ᠳᠤ ᠭᠦᠨᠵᠡᠭᠡᠶᠢᠷᠡᠵᠦ ᠠᠮᠢ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠳᠤ ᠭᠦᠴᠦᠨ ᠴᠢᠳᠠᠯ ᠢᠶᠠᠨ ᠨᠡᠮᠡᠷᠢᠯᠡᠬᠦ ᠶᠢ ᠣᠷᠢᠶᠠᠯᠠᠭᠰᠠᠨ ᠪᠠᠶᠢᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号