ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠠᠯᠲᠠᠨᠬᠢᠯᠢ ᠰᠤᠮᠤ ᠨᠢ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠢᠶᠠᠷ ᠲᠣᠬᠢᠶᠠᠯ ᠪᠣᠯᠭᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠢ | ᠠᠭᠤᠰᠤᠯᠴᠠᠭᠤᠯᠬᠤ ᠲᠣᠭᠲᠠᠴᠠ ᠶᠢ ᠭᠦᠢᠴᠡᠳ ᠪᠠᠳᠠᠷᠠᠭᠤᠯᠵᠤ᠂ ᠬᠢᠯᠢ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ | ᠬᠠᠮᠠᠭᠠᠯᠠᠭᠴᠢ᠂ ᠪᠠᠬᠢᠯᠡᠯᠲᠡ ᠶᠢᠨ ᠡᠷᠦᠬᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ᠂ ᠨᠠᠮ ᠤᠨ | ᠭᠡᠰᠢᠭᠦᠨ ᠭᠤᠤᠯᠯᠠᠬᠤ ᠡᠷᠦᠬᠡ᠂ ᠲᠤᠤᠷᠵᠢᠯ ᠤᠨ ᠠᠵᠢᠯᠲᠠᠨ ᠲᠠᠢ ᠬᠤᠯᠪᠤᠭᠠᠯᠠᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃ | ᠦᠨᠳᠦᠰᠦᠲᠡᠨ ᠤ ᠪᠦᠯᠬᠦᠮᠳᠡᠯ ︽ᠮᠠᠯᠵᠢᠬᠤ ᠡᠷᠦᠬᠡ ᠳᠤ ᠤᠷᠤᠵᠦ︾᠂ ᠰᠣᠯᠢᠯᠴᠠᠭ᠎ᠠ ᠶᠠᠪᠤᠯᠴᠠᠭ᠎ᠠ | ᠠᠭᠤᠰᠤᠯᠴᠠᠭ᠎ᠠ ᠶᠢ ᠠᠬᠢᠭᠤᠯᠪᠠ᠃ ᠬᠤᠪᠢᠰᠬᠠᠯᠲᠤ ᠪᠠᠬᠢᠯᠡᠯᠲᠡ ᠶᠢᠨ ᠡᠷᠦᠬᠡ ᠳᠤ ᠰᠤᠮᠤᠨ ᠤ ᠨᠠᠮ ᠤᠨ ᠬᠤᠷᠢᠶᠠᠨ ᠤ | ᠱᠦᠵᠢ ᠶᠤᠰᠤᠲᠦ ᠨᠥᠬᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠤᠨ ᠠᠬᠤᠢ ᠪᠠᠶᠢᠳᠠᠯ ᠪᠠ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠮᠠᠯᠴᠢᠨ ᠲᠦᠮᠡᠨ ᠤ | ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠣᠶᠤᠨ ᠰᠠᠨᠠᠭᠠᠨ ᠳᠤᠨᠢ | ᠬᠠᠳᠠᠩᠰᠢᠭᠤᠯᠬᠤ ᠶᠢ ᠪᠡᠶᠡᠯᠡᠭᠦᠯᠪᠡ᠃ | ᠦᠨᠳᠦᠰᠦᠲᠡᠨ ᠤ ᠪᠦᠯᠬᠦᠮᠳᠡᠯ ︽ᠭᠠᠴᠠᠭᠠᠨ ᠳᠤ ᠣᠷᠣᠵᠤ︾᠂ ᠪᠦᠯᠬᠦᠮᠳᠡᠨ ᠲᠡᠮᠡᠴᠡᠬᠦ ᠨᠡᠶᠢᠯᠡᠮᠡᠯ ᠬᠦᠴᠦᠨ ᠢ | ᠨᠢᠭᠲᠠᠷᠠᠭᠤᠯᠪᠠ᠃ ᠨᠠᠮ ᠤᠨ ᠭᠡᠰᠢᠭᠦᠨ ᠭᠤᠤᠯᠯᠠᠬᠤ ᠡᠷᠦᠭᠡ ᠶᠢᠨ ᠠᠨᠠᠷ ᠤᠨ ᠬᠢᠴᠢᠶᠡᠯ ᠤᠨ ᠲᠠᠩᠬᠢᠮ ᠳᠤ | ᠲᠦᠰᠢᠭᠯᠡᠨ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠬᠦ | ᠲᠠᠯ᠎ᠠ ᠪᠠᠷ ᠪᠠᠶᠢᠭᠤᠯᠤᠨ ᠪᠠᠬᠢᠵᠢᠭᠦᠯᠦᠶ᠎ᠡ︾ ᠭᠤᠣᠯ ᠰᠡᠳᠦᠪ ᠤᠨ ᠲᠣᠭᠤᠷᠢᠨ ᠳᠤ᠂ ︽ᠵᠢᠷᠭᠤᠭᠠᠨ ᠥᠭᠦᠯᠡᠪᠦᠷᠢ ᠶᠢᠨ | ᠪᠣᠳᠠᠲᠤ ᠶᠠᠪᠤᠳᠠᠯ ᠪᠠ ᠶᠣᠰᠣ ᠤᠴᠢᠷ︾ ᠤᠨ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠲᠠᠶᠢᠯᠪᠤᠷᠢᠯᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠳᠠᠭᠠᠭᠤᠯᠵᠤ᠂ ᠨᠠᠮ ᠤᠨ ᠠᠴᠢ ᠲᠤᠰᠠ ᠶᠢ ᠮᠡᠳᠡᠷᠡᠬᠦ | ᠰᠡᠳᠬᠢᠯᠭᠡ ᠶᠢ ᠡᠪᠦᠷᠯᠡᠵᠦ᠂ ᠨᠠᠮ ᠤᠨ ᠦᠭᠡ ᠶᠢ ᠰᠣᠨᠣᠰᠬᠤ ᠰᠡᠳᠬᠢᠯᠭᠡ ᠶᠢ ᠪᠠᠲᠤᠳᠬᠠᠵᠤ᠂ ᠨᠠᠮ ᠢᠶᠠᠨ ᠡᠷᠡᠰ | ᠳᠠᠭᠠᠬᠤ ᠵᠣᠷᠢᠭ ᠢ ᠪᠠᠳᠤᠭᠬᠠᠪᠠ᠃ | ᠦᠨᠳᠦᠰᠦᠲᠡᠨ ᠤ ᠪᠦᠯᠬᠦᠮᠳᠡᠯ ︽ᠴᠢᠷᠢᠭ ᠠᠩᠭᠢ ᠳᠤ ᠣᠷᠣᠵᠤ︾᠂ ᠬᠢᠯᠢ ᠬᠢᠵᠠᠭᠠᠷ ᠢ | ᠲᠣᠭᠲᠠᠪᠤᠷᠢᠵᠢᠭᠤᠯᠵᠤ᠂ ᠬᠢᠯᠢ ᠬᠢᠵᠠᠭᠠᠷ ᠢ ᠪᠠᠬᠢᠵᠢᠭᠦᠯᠬᠦ ᠶᠢ ᠴᠢᠩᠭᠠᠳᠬᠠᠪᠠ᠃ ᠴᠡᠷᠢᠭ ᠠᠩᠭᠢ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠠᠭᠤᠯᠤᠭᠳᠠᠬᠤᠨ᠂ ᠴᠢᠬᠤᠯᠠ ᠠᠴᠢ | ᠬᠤᠯᠪᠣᠭᠳᠠᠯ ᠪᠣᠯᠣᠨ ᠦᠢᠯᠡᠳᠦᠯᠭᠡ ᠶᠢᠨ ᠠᠷᠭ᠎ᠠ ᠵᠠᠮ ᠤᠨ ᠲᠣᠭᠤᠷᠢᠨ ᠳᠤ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠤᠨ ᠬᠢᠯᠢ ᠬᠢᠵᠠᠭᠠᠷ ᠢᠶᠠᠨ ᠬᠠᠶᠢᠷᠠᠯᠠᠵᠤ᠂ ᠬᠢᠯᠢ ᠬᠢᠵᠠᠭᠠᠷ ᠢᠶᠠᠨ ᠪᠠᠬᠢᠵᠢᠭᠦᠯᠵᠦ᠂ ᠬᠢᠯᠢ | ᠬᠢᠵᠠᠭᠠᠷ ᠢᠶᠠᠨ ᠰᠠᠬᠢᠬᠤ ᠤᠬᠠᠮᠰᠠᠷ ᠢ ᠴᠢᠩᠭᠠᠳᠬᠠᠬᠤ ᠶᠢᠨ ᠬᠠᠮᠲᠤ ︽ᠬᠢᠯᠢ ᠬᠢᠵᠠᠭᠠᠷ ᠶᠢᠨ ᠪᠠᠬᠢᠯᠡᠯᠲᠡ ᠶᠢ | ᠪᠠᠬᠢᠵᠢᠭᠦᠯᠬᠦ᠂ ᠤᠯᠤᠰ ᠤᠨ ᠲᠤᠭ ᠬᠢᠯᠢ ᠶᠢᠨ ᠪᠣᠭᠤᠮᠲᠠ ᠳᠤ ᠨᠠᠮᠢᠷᠠᠭᠤᠯᠬᠤ︾᠂ ᠤᠯᠤᠰ ᠤᠨ ᠲᠤᠭ ᠮᠠᠨᠳᠤᠭᠤᠯᠬᠤ | ᠶᠣᠰᠣᠯᠠᠯ ᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠴᠢᠩᠭᠠᠳᠬᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠬᠦᠯᠪᠠ᠃ | ᠳᠠᠷᠠᠭ᠎ᠠ ᠨᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ | ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ᠃ | ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠤᠢ | ᠪᠣᠯᠭᠠᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ | ᠬᠥᠮᠥᠨ ᠮᠡᠲᠦ ᠳᠣᠲᠣᠨᠣ ᠪᠠᠶᠢᠬᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ | ᠲᠡᠷᠭᠡᠯᠰᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ | |