ᠮᠠᠨ ᠤ ᠬᠤᠰᠢᠭᠤ 2024 ᠣᠨ ᠤ 1 —2 ᠰᠠᠷ᠎ᠠ ᠶᠢᠨ ᠭᠤᠷᠪᠠᠳᠤᠭᠠᠷ ᠠᠵᠤ ᠦᠢᠯᠡᠰ ᠤᠨ ᠭᠠᠶᠢᠯᠢ ᠲᠠᠲᠠᠪᠤᠷᠢ ᠶᠢ 1248 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2024/6/14
        2024 ᠣᠨ ᠤ 1 — 2 ᠰᠠᠷ᠎ᠠ ᠳᠤ᠂ ᠮᠠᠨ ᠤ ᠬᠤᠰᠢᠭᠤᠨ ᠤ ᠭᠤᠷᠪᠠᠳᠤᠭᠠᠷ ᠠᠵᠤ ᠦᠢᠯᠡᠰ ᠭᠠᠶᠢᠯᠢ ᠶᠢᠨ ᠣᠷᠣᠯᠭ᠎ᠠ 1248 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ         585.7% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠭᠠᠶᠢᠯᠢ ᠶᠢᠨ ᠣᠷᠣᠯᠭ᠎ᠠ ᠶᠢᠨ 20.9% ᠶᠢ ᠡᠵᠡᠯᠡᠪᠡ᠃ ᠡᠭᠦᠨ ᠳᠤ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ 91 ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 71.4% ᠪᠠᠷ ᠪᠠᠭᠤᠷᠠᠪᠠ︔ ᠮᠥᠩᠭᠦᠨ ᠭᠦᠢᠯᠭᠡᠭᠡᠨ ᠤ ᠦᠢᠯᠡᠰ 194 ᠲᠦᠮᠡᠨ ᠲᠥᠭᠦᠷᠢᠭ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ    259.3% ᠪᠠᠷ ᠨᠡᠮᠡᠭᠳᠡᠪᠡ︔ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ 544 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.5 ᠳᠠᠬᠢᠨ ᠨᠡᠮᠡᠭᠳᠡᠵᠦ᠂ ᠭᠤᠣᠯ ᠨᠡᠮᠡᠭᠳᠡᠭᠰᠡᠨ ᠰᠢᠯᠲᠠᠭᠠᠨ ᠨᠢ᠄ ᠨᠢᠭᠡ ᠳᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠮᠥᠷᠭᠡ ᠳᠤ ᠣᠷᠣᠭᠤᠯᠤᠭᠰᠠᠨ 75 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 31 ᠲᠦᠮᠡᠨ ᠲᠥᠭᠦᠷᠢᠭ ᠨᠡᠮᠡᠭᠳᠡᠵᠦ᠂ 70.5% ᠪᠠᠷ ᠨᠡᠮᠡᠭᠳᠡᠪᠡ︔ ᠬᠤᠶᠠᠷ ᠲᠤ᠂ ᠵᠢᠵᠢᠭᠯᠡᠨ ᠬᠤᠳᠠᠯᠳᠤᠬᠤ ᠦᠢᠯᠡᠰ 469 ᠲᠦᠮᠡᠨ ᠲᠥᠭᠦᠷᠢᠭ ᠂ ᠠᠳᠠᠯᠢ ᠬᠤᠭᠤᠴᠠᠭᠠᠨ ᠤ ᠬᠢ ᠠᠴᠠ 449 ᠲᠦᠮᠡᠨ ᠲᠥᠭᠦᠷᠢᠭ ᠨᠡᠮᠡᠭᠳᠡᠵᠦ᠂ 22.5 ᠳᠠᠬᠢᠨ ᠢᠶᠠᠷ ᠨᠡᠮᠡᠭᠳᠡᠪᠡ︔ ᠬᠡᠷ ᠭᠠᠵᠠᠷ ᠬᠥᠷᠥᠩᠭᠡ ᠶᠢᠨ ᠦᠢᠯᠡᠰ118 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ︔ ᠪᠣᠰᠣᠳ ᠦᠢᠯᠡᠴᠢᠯᠡᠭᠡᠨ ᠤ ᠦᠢᠯᠡᠰ 299 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 181.0% ᠪᠠᠷ ᠪᠠᠭᠤᠷᠠᠪᠠ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号