ᠥᠪᠥᠷ ᠮᠣᠩᠭᠤᠯ ᠲᠥᠪ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 6000 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2024/6/18
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ︽2024 ᠣᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠮᠡᠳᠡᠭᠳᠡᠯ︾ ᠢ ᠨᠡᠶᠢᠲᠡᠯᠡᠪᠡ᠂ ᠪᠦᠭᠦ ᠤᠯᠤᠰ ᠤᠨ 49 ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠠᠮᠵᠢᠯᠲᠠ ᠪᠦᠲᠦᠮᠵᠢ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠳᠤ ᠮᠠᠨ ᠤ ᠣᠷᠣᠨ ᠤ ᠬᠤᠷᠢᠨᠭᠡᠷ ᠰᠢᠶᠠᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠠᠩᠭᠢᠨ ᠬᠤᠶᠢᠲᠤ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠤᠷᠤᠭᠰᠢᠲᠠᠢ ᠥᠩᠭᠡᠷᠡᠭᠡᠵᠦ᠂ ᠲᠤᠰ ᠲᠤᠰ ᠳᠥᠷᠪᠡᠳᠦᠭᠡᠷ᠂ ᠠᠷᠪᠠᠨ ᠨᠢᠭᠡᠳᠦᠭᠡᠷ᠂ ᠠᠷᠪᠠᠨ ᠲᠠᠪᠤᠳᠤᠭᠠᠷ ᠨᠡᠷᠡᠰ ᠲᠤ ᠵᠢᠭᠰᠠᠭᠠᠭᠳᠠᠵᠤ᠂ ᠲᠥᠪ ᠤᠨ ᠡᠳ᠋ ᠤᠨ ᠵᠠᠰᠠᠭ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠡᠭᠦᠳᠦᠨ ᠪᠠᠶᠢᠭᠤᠯᠬᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 6000 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠪᠤᠢ᠃    ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠤᠨ ᠶᠠᠮᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠯᠦᠭᠡ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ᠂ ᠲᠥᠷᠥᠯ ᠵᠦᠢᠯ ᠤᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠬᠠᠮᠲᠤᠷᠠᠨ ᠵᠢᠯᠤᠭᠤᠳᠬᠤ ᠪᠠ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠡᠭᠦᠳᠦᠨ ᠪᠠᠶᠢᠭᠤᠯᠬᠤ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠦᠭᠦ ᠬᠦᠴᠦᠨ ᠢᠶᠠᠷ ᠠᠬᠢᠭᠤᠯᠪᠠ᠃    ︽ᠪᠢᠳᠡ ᠡᠭᠦᠳᠦᠨ ᠪᠠᠶᠢᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠴᠢᠩᠭᠠᠳᠬᠠᠬᠤ ᠶᠢᠨ ᠬᠠᠮᠲᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠠᠷᠭ᠎ᠠ ᠵᠠᠮ ᠨᠢ ᠰᠠᠮᠠᠭᠤᠷᠠᠬᠤ ᠦᠭᠡᠢ᠂ ᠬᠡᠷᠡᠭᠴᠡᠭᠡ ᠨᠢ ᠬᠤᠪᠢᠷᠠᠬᠤ ᠦᠭᠡᠢ ᠪᠠᠶᠢᠬᠤ ᠵᠠᠷᠴᠢᠮ ᠶᠣᠰᠣᠭᠠᠷ᠂ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ ᠦᠢᠯᠡᠳᠦᠯ ᠢ ᠦᠨᠡᠨ ᠬᠦ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠬᠡᠰᠡᠭ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠬᠢᠨᠠᠨ ᠲᠣᠭᠲᠠᠭᠠᠯᠲᠠ ᠪᠠ ᠵᠥᠪᠰᠢᠶᠡᠷᠡᠯ ᠢ ᠣᠯᠣᠭᠰᠠᠨ ᠭᠠᠵᠠᠷ ᠣᠷᠣᠨ ᠪᠠ ᠲᠥᠷᠥᠯ ᠵᠦᠢᠯ ᠳᠤ ᠲᠥᠪᠯᠡᠷᠡᠭᠦᠯᠵᠦ᠂ ᠨᠢᠭᠡ ᠪᠦᠯᠦᠭ ᠪᠦᠲᠦᠵᠦ ᠳᠡᠶᠢᠯᠭᠦ᠂ ᠨᠡᠷ᠎ᠡ ᠨᠥᠯᠥᠭᠡ ᠲᠠᠢ᠂ ᠥᠪᠥᠷ ᠮᠣᠩᠭᠤᠯ ᠤᠨ ᠣᠨᠴᠠᠯᠢᠭ ᠲᠠᠢ ᠴᠢᠨᠠᠷ ᠰᠠᠶᠢᠲᠠᠢ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠵᠢᠶᠦ᠋ᠨ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号