2024 ᠣᠨ ᠠᠴᠠ ᠡᠬᠢᠯᠡᠨ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠠᠶᠢᠮᠠᠭ ᠬᠤᠲᠠ ᠶᠢᠨ ᠲᠠᠰ ᠤᠨ ᠬᠠᠮᠢᠶᠠᠷᠤᠯᠲᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/18
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 2024 ᠣᠨ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠠᠶᠢᠮᠠᠭ ᠬᠤᠲᠠ ᠶᠢᠨ ᠱᠠᠲᠤᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ᠂ ᠲᠥᠷᠥ ᠶᠢᠨ ᠪᠣᠳᠣᠯᠭ᠎ᠠ ᠶᠢ ᠪᠥᠬᠦ ᠣᠷᠣᠨ ᠳᠤ ᠨᠢᠭᠡᠳᠦᠯᠲᠡᠶ ᠪᠠᠶᠢᠯᠭᠠᠬᠤ ᠪᠠᠷ ᠭᠤᠤᠯ ᠪᠣᠯᠭᠠᠵᠤ᠂ ᠰᠠᠭᠤᠷᠢ ᠮᠥᠩᠭᠦ ᠶᠢ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠪᠠᠷ ᠰᠠᠭᠤᠷᠢ ᠪᠣᠯᠭᠠᠨ᠂ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠬᠦ ᠪᠠᠷ ᠲᠦᠰᠢᠭ ᠪᠣᠯᠭᠠᠵᠤ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠪᠦᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠶᠢ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠡᠷᠦᠬᠡ ︵︽ᠲᠤᠰᠬᠠᠶ ᠡᠷᠦᠬᠡ ᠳᠤ ᠰᠢᠭᠤᠳ ᠨᠡᠪᠲᠡᠷᠡᠬᠦ ᠲᠡᠷᠭᠡ︾︶ ᠳᠤ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠰᠠᠯᠭᠠᠨ ᠥᠭᠭᠦᠨ᠎ᠡ᠂ ᠠᠶᠢᠮᠠᠭ ᠬᠤᠲᠠ ᠵᠢᠴᠢ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠡᠭᠦᠨ ᠤ ᠡᠭᠦᠷᠭᠡᠯᠡᠵᠦ ᠪᠦᠬᠦᠢ ᠡᠳ᠋ ᠤᠨ ᠵᠠᠰᠠᠭ ᠤᠨ ᠨᠥᠬᠦᠪᠥᠷᠢ ᠶᠢ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠡᠷᠦᠬᠡ ᠳᠤ ᠰᠠᠯᠭᠠᠨ ᠥᠭᠭᠦᠨ᠎ᠡ᠃    ᠣᠳᠣᠬᠠᠨ ᠳᠤ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢᠭᠡᠨᠲᠡ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ 43.64 ᠳ᠋ᠦᠩᠰᠢᠭᠤᠷ ᠲᠥᠭᠦᠷᠢᠭ ᠪᠠᠭᠤᠯᠭᠠᠪᠠ᠃ ᠡᠭᠦᠨ ᠳᠤ᠂ ︽ᠲᠤᠰᠬᠠᠶ ᠡᠷᠦᠬᠡ ᠳᠤ ᠰᠢᠭᠤᠳ ᠨᠡᠪᠲᠡᠷᠡᠬᠦ ᠲᠡᠷᠭᠡ︾ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ ᠳᠤ 16 ᠳ᠋ᠦᠩᠰᠢᠭᠤᠷ ᠲᠥᠭᠦᠷᠢᠭ ᠰᠠᠯᠭᠠᠨ ᠥᠭᠪᠡ᠃ 2024 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 31.03 ᠳ᠋ᠦᠩᠰᠢᠭᠤᠷ ᠲᠥᠭᠦᠷᠢᠭ᠂ ᠵᠠᠷᠤᠯᠭ᠎ᠠ 26.01 ᠳ᠋ᠦᠩᠰᠢᠭᠤᠷ ᠲᠥᠭᠦᠷᠢᠭ ᠪᠠᠶᠢᠵᠤ᠂ ᠲᠣᠰ ᠬᠤᠭᠤᠴᠠᠭᠠᠨ ᠤ ᠣᠷᠣᠯᠭ᠎ᠠ ᠵᠠᠷᠤᠯᠭ᠎ᠠ ᠶᠢᠨ ᠦᠯᠡᠳᠡᠪᠦᠷᠢ 5.02 ᠳ᠋ᠦᠩᠰᠢᠭᠤᠷ ᠲᠥᠭᠦᠷᠢᠭ ᠪᠠᠶᠢᠵᠤ᠂ ᠪᠥᠬᠦ ᠣᠷᠣᠨ ᠤ 280.11 ᠲᠦᠮᠡᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠨᠢ ᠣᠯᠭᠤᠪᠠ᠃    ︽ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠪᠠ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠵᠦ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号