2024 ᠣᠨ ᠤ 1 ᠳ᠋ᠣᠭᠡᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/6/18
        1 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ︽ᠰᠠᠨᠠᠯ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃        1 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2023 ᠣᠨ ᠤ ᠠᠷᠪᠠᠨ ᠬᠤᠶᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ᠪᠥᠬᠦ ᠬᠤᠰᠢᠭᠤᠨ ᠤ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠣᠭᠲᠤᠬᠤ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠴᠠᠩ ᠵᠧᠩ᠂ ᠶᠣᠣ ᠬᠠᠶ ᠰᠢᠶᠠ᠂ ᠰᠡᠴᠡᠨ᠂ ᠺᠧ ᠰᠢᠶᠤᠤ ᠮᠢᠩ ᠬᠤᠷᠠᠯ ᠳᠤ ᠣᠷᠣᠯᠴᠠᠪᠠ᠃        ᠵᠧᠦ ᠢᠦᠢ ᠯᠦᠩ ᠴᠢᠬᠤᠯᠠᠴᠢᠯᠠᠬᠤ ᠳᠠᠭᠠᠨ᠂ ᠡᠯ᠎ᠡ ᠬᠦᠷᠢᠶᠡᠨ ᠤ ᠲᠤᠰᠬᠠᠢ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠳᠠᠯᠳᠠ ᠠᠶᠤᠯ ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠠᠷᠢᠯᠭᠠᠬᠤ ᠬᠡᠷᠡᠭᠲᠡᠢ᠃ ᠤᠳᠤᠷᠢᠳᠬᠤ ᠺᠠᠳ᠋ᠷ ᠡᠭᠡᠯᠵᠢ ᠳᠠᠭᠠᠭᠤᠯᠬᠤ᠂ ᠴᠢᠬᠤᠯᠠ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠪᠠ ᠭᠠᠳᠠᠭᠰᠢ ᠭᠠᠷᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠣᠭᠲᠤᠬᠤ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠠ᠃        1 ᠰᠠᠷ᠎ᠠ ᠶᠢᠨ 5 ᠤ ᠡᠳᠦᠷ᠂ ᠬᠤᠰᠢᠭᠤ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠰᠢᠨ᠎ᠡ ᠵᠠᠭᠪᠤᠷ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠤᠬᠠᠶ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ ᠬᠤᠷᠠᠯ ᠳᠤ ᠣᠷᠣᠯᠴᠠᠵᠤ᠂ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠵᠢᠴᠢ ᠬᠡᠰᠡᠭ ᠭᠠᠴᠠᠭᠠᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠯᠴᠢᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦᠯᠢ ᠡᠳᠦᠷ ᠤᠨ ᠬᠤᠯᠢᠮᠠᠭ ᠪᠣᠷᠳᠤᠭ᠎ᠠ ᠲᠡᠵᠢᠭᠡᠬᠦ ᠵᠠᠭᠪᠤᠷ ᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ᠮᠠᠯᠴᠢᠳ ᠢ ᠢᠳᠡᠪᠬᠢᠲᠡᠢ ᠬᠥᠲᠥᠯᠥᠨ ᠵᠢᠯᠣᠭᠤᠳᠴᠤ ᠲᠠᠩᠰᠠ ᠪᠤᠳᠤᠵᠤ ᠮᠠᠯ ᠲᠡᠵᠢᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠠᠮᠲᠤᠷᠠᠯᠴᠠᠬᠤ᠂ ᠢᠵᠢ ᠪᠦᠷᠢᠳᠦᠭᠰᠡᠨ ᠠᠵᠤ ᠦᠢᠯᠡᠰᠵᠢᠭᠰᠡᠨ ᠡᠵᠡᠩᠨᠡᠯᠲᠡ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ︽ᠣᠯᠠᠨ ᠲᠠᠯ᠎ᠠ ᠪᠠᠷ ᠠᠰᠢᠭ ᠭᠥᠷᠳᠡᠬᠦ︾ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠮᠠᠯᠴᠢᠳ ᠢ ᠳᠠᠶᠢᠴᠢᠯᠠᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠪᠡ᠃        1 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦ       ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠠᠵᠢᠯ ᠢᠶᠠᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠣᠳᠠᠲᠠᠶ ᠠᠵᠢᠯ ᠤᠨ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠲᠠᠯ᠎ᠠ᠂ ᠪᠥᠬᠦ ᠶᠠᠪᠤᠴᠠ ᠳᠤ ᠲᠤᠤᠱᠯᠠᠭᠤᠯᠵᠤ᠂ ᠭᠤᠤᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠵᠤ᠂   ︽ᠬᠤᠶᠠᠷ ᠶᠡᠭᠡ ᠶᠠᠪᠤᠳᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠬᠥᠭᠵᠢᠯᠲᠡ ᠶᠢᠨ ᠪᠠᠶᠢᠳᠠᠯ ᠢ ᠢᠯᠡᠷᠡᠭᠦᠯᠪᠡ᠃ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠯᠥᠭᠡ ᠦᠳᠡᠰᠢ ᠶᠢ ᠲᠡᠮᠡᠴᠡᠵᠦ᠂ ᠦᠨᠡᠨ ᠪᠣᠳᠠᠲᠠᠶ ᠠᠵᠢᠯᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠨᠠᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃        1 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠨᠠᠷ ᠬᠥᠬᠡᠬᠤᠲᠠ ᠳᠤ ᠬᠦᠷᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠭᠰᠠᠨ ᠪᠥᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ ᠬᠤᠶᠠᠷ ᠡᠳᠦᠷ ᠤᠨ ᠬᠤᠭᠤᠴᠠᠭ᠎ᠠ ᠲᠠᠢ ᠰᠢᠨᠵᠢᠯᠡᠨ ᠪᠠᠶᠢᠴᠠᠭᠠᠵᠤ ᠰᠤᠷᠤᠯᠴᠠᠬᠤ ᠪᠣᠯᠪᠠᠰᠤᠷᠠᠯ ᠳᠤᠮᠳᠠ᠂ ᠣᠯᠠᠨ ᠢᠶᠠᠷ ᠢᠶᠠᠨ ᠡᠯᠪᠡᠭ ᠬᠤᠷᠢᠶᠠᠯᠲᠠ ᠣᠯᠵᠤ᠂ ᠢᠲᠡᠭᠡᠯ ᠳᠦᠭᠦᠷᠡᠩ ᠪᠠᠶᠢᠵᠤ᠂ ᠬᠠᠷᠢᠭᠰᠠᠨ ᠤ ᠳᠠᠷᠠᠭ᠎ᠠ ᠰᠠᠶᠢᠨ ᠲᠤᠷᠰᠢᠯᠭ᠎ᠠ ᠠᠷᠭ᠎ᠠ ᠬᠢᠳᠡᠯ ᠢ ᠭᠦᠢᠴᠡᠳ ᠰᠢᠩᠭᠡᠭᠡᠨ ᠠᠪᠴᠤ᠂ ᠴᠡᠭ ᠪᠠᠶᠢᠷᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠡᠭ ᠪᠠᠶᠢᠷᠢ ᠶᠢ ᠳᠡᠭᠡᠭᠰᠢᠯᠡᠭᠦᠯᠬᠦ ᠠᠵᠢᠯ ᠤᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠶ ᠰᠠᠶᠢᠲᠤᠷ ᠠᠳᠬᠤᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠮᠢᠳᠤᠯᠢᠭ ᠦᠢᠯᠡᠳᠦᠯᠭᠡ ᠶᠢ ᠳᠡᠯᠭᠡᠨ ᠦᠵᠡᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠡᠭᠦᠳᠬᠦ ᠲᠠᠯ᠎ᠠ ᠪᠠᠷ ᠵᠡᠭᠦᠨ ᠦᠵᠦᠮᠦᠴᠢᠨ ᠬᠤᠰᠢᠭᠤᠨ ᠤ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠨ᠎ᠠ ᠭᠡᠪᠡ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号