2024 ᠣᠨ ᠤ 2  ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/6/18
        1 ᠰᠠᠷ᠎ᠠ ᠶᠢᠨ 31 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠠᠩᠬᠠᠳᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠡᠭᠡᠯᠵᠢᠲᠦ ᠬᠤᠷᠠᠯ ᠵᠢᠴᠢ ᠪᠥᠬᠦ ᠬᠤᠰᠢᠭᠤᠨ ᠤ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠭᠡᠮ ᠰᠣᠭᠤᠭ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠴᠠᠩ ᠵᠧᠩ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠳᠡᠭᠡᠷ᠎ᠡ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠣᠳᠠᠲᠠᠶ ᠠᠵᠢᠯ ᠢ ᠪᠠᠶᠢᠷᠢᠯᠠᠭᠤᠯᠪᠠ᠃ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠢᠨ ︽ᠭᠠᠯ ᠰᠡᠷᠭᠡᠶᠢᠯᠡᠵᠦ ᠭᠠᠯ ᠤᠨᠲᠠᠷᠠᠭᠠᠬᠤ ᠠᠶᠤᠯ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠭᠤᠤᠯᠳᠠᠯᠭ᠎ᠠ ᠲᠠᠢ ᠠᠵᠢᠯ ᠢ ᠴᠢᠬᠤᠯᠠᠴᠢᠯᠠᠪᠠ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠤᠳ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠭᠰᠠᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃ ᠬᠢᠩᠭᠠᠨ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠤᠨ ᠬᠢᠨ ᠤᠢᠢᠷ᠎ᠠ ᠶᠢᠨ ᠬᠤᠭᠤᠴᠠᠭᠠᠨ ᠤ ᠪᠤᠰᠤᠳ ᠭᠠᠵᠠᠷ ᠣᠷᠣᠨ ᠤ ᠠᠳᠡᠯ ᠤᠨ ᠲᠦᠪᠯᠡᠷᠡᠭᠰᠡᠨ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠲᠠᠢ ᠤᠶᠠᠯᠳᠤᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠤᠯᠠᠨ ᠭᠠᠷᠬᠤ ᠬᠠᠨᠳᠤᠰᠢ ᠶᠢ ᠡᠷᠡᠰ ᠬᠤᠷᠢᠭᠯᠠᠵᠤ᠂ ᠥᠪᠡᠷ ᠢ ᠪᠠᠨ ᠰᠡᠷᠡᠮᠵᠢᠯᠡᠭᠦᠯᠦᠨ ᠥᠪᠡᠷ ᠢ ᠪᠠᠨ ᠲᠤᠩᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠢ ᠡᠷᠡᠰ ᠡᠵᠡᠮᠳᠡᠵᠦ᠂ ᠪᠠᠶᠠᠷ ᠤᠨ ᠡᠳᠦᠷ ᠠᠴᠠ ᠡᠮᠦᠨ᠎ᠡ ᠨᠢᠭᠡ ᠤᠳᠠᠭ᠎ᠠ ᠶᠢᠨ ᠪᠦᠬᠦ ᠲᠠᠯ᠎ᠠ ᠶᠢᠨ᠂ ᠪᠦᠬᠦᠨ ᠢ ᠬᠠᠮᠤᠷᠠᠭᠤᠯᠤᠭᠰᠠᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠨᠡᠨᠬᠦ ᠱᠠᠭᠠᠷᠳᠠᠨ ᠪᠣᠳᠠᠲᠠᠢ ᠪᠠᠶᠢᠴᠠᠭᠠᠬᠤ᠂ ᠴᠢᠩᠭ᠎ᠠ ᠱᠠᠭᠠᠷᠳᠠᠨ ᠨᠠᠷᠢᠨ ᠪᠠᠶᠢᠴᠠᠭᠠᠬᠤ ᠪᠠᠷ ᠳᠠᠮᠵᠢᠭᠤᠯᠵᠤ᠂ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢ ᠬᠢᠨᠠᠨ ᠬᠡᠮᠵᠢᠬᠦ ᠶᠢ ᠠᠩᠬᠠᠷᠴᠤ᠂ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠭᠠᠷᠴᠤ ᠵᠢᠵᠢᠭᠦᠷᠯᠡᠬᠦ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ       ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ︽ᠴᠠᠭᠠᠨ ᠰᠠᠷ᠎ᠠ︾ ᠵᠢᠴᠢ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃        2 ᠰᠠᠷ᠎ᠠ ᠶᠢᠨ 10 ᠤ ᠡᠳᠦᠷ ᠠᠴᠠ 18 ᠤ ᠡᠳᠦᠷ ᠪᠣᠯᠲᠠᠯ᠎ᠠ᠂ ᠴᠠᠭᠠᠨ ᠰᠠᠷ᠎ᠠ ᠶᠢᠨ ᠠᠮᠠᠷᠠᠯᠲᠠ ᠶᠢᠨ 8 ᠡᠳᠦᠷ᠃        2 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠤᠷᠢᠳ ᠬᠤᠵᠢᠳ ᠵᠡᠭᠦᠨ ᠦᠵᠦᠮᠦᠴᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠪᠠ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠬᠢᠴᠢᠶᠡᠯ ᠤᠨ ᠭᠡᠷ᠂ ᠲᠤᠷᠰᠢᠯᠲᠠ ᠶᠢᠨ ᠲᠠᠰᠤᠭ᠂ ᠬᠤᠭᠤᠯᠠᠨ ᠭᠡᠷ᠂ ᠪᠠᠶᠢᠷᠢ ᠶᠢᠨ ᠭᠡᠷ ᠵᠡᠷᠭᠡ ᠭᠤᠣᠯᠳᠠᠯᠭ᠎ᠠ ᠲᠠᠢ ᠭᠠᠵᠠᠷ ᠲᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠡᠬᠢᠯᠡᠬᠦ ᠪᠡᠯᠡᠳᠬᠡᠯ᠂ ᠪᠠᠭᠰᠢ ᠶᠢᠨ ᠲᠣᠬᠢᠷᠠᠭᠤᠯᠤᠯᠲᠠ᠂ ᠰᠠᠭᠤᠷᠢ ᠲᠥᠬᠦᠭᠡᠷᠦᠮᠵᠢ ᠶᠢᠨ ᠳᠡᠭᠡᠭᠰᠢᠯᠡᠯᠲᠡ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠢᠩᠭᠠᠨ ᠴᠢᠬᠤᠯᠠᠴᠢᠯᠠᠬᠤ ᠳᠠᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠰᠠᠭᠤᠳᠠᠯ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠠᠮᠤᠷ ᠲᠣᠭᠲᠠᠭᠤᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠲᠠᠢ ᠬᠤᠯᠪᠣᠭᠳᠠᠨ᠎ᠠ᠃ ᠡᠯ᠎ᠡ ᠰᠤᠷᠭᠠᠭᠤᠯᠢ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠤ ᠠᠵᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠢᠯᠠᠩᠭᠤᠶ᠎ᠠ ᠰᠤᠷᠭᠠᠭᠤᠯᠢ ᠶᠢᠨ ᠭᠠᠳᠠᠨᠠᠬᠢ ᠲᠦᠷᠢᠶᠡᠰᠦᠨ ᠣᠷᠣᠨ ᠰᠠᠭᠤᠴᠠ ᠶᠢᠨ ᠰᠤᠷᠤᠭᠴᠢᠳ ᠤᠨ ᠠᠮᠤᠷ ᠲᠦᠪᠰᠢᠨ ᠤ ᠬᠠᠮᠢᠶᠠᠷᠤᠯᠲᠠ ᠵᠢᠴᠢ ᠠᠮᠤᠷ ᠲᠦᠪᠰᠢᠨ ᠤ ᠬᠥᠮᠦᠵᠢᠯ ᠤᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠵᠢᠯ ᠢ ᠦᠨᠡᠨ ᠬᠦ ᠰᠠᠶᠢᠲᠤᠷ ᠠᠳᠬᠤᠵᠤ᠂ ᠪᠠᠭᠰᠢ ᠰᠤᠷᠤᠭᠴᠢᠳ ᠲᠤ ᠰᠠᠨᠠᠭ᠎ᠠ ᠠᠮᠤᠷ᠂ ᠲᠠᠭᠠᠯᠠᠮᠵᠢᠲᠠᠶ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠵᠡᠷᠭᠡ ᠠᠷᠭ᠎ᠠ ᠮᠠᠶ᠋ᠢᠭ ᠢ ᠠᠰᠢᠭᠯᠠᠨ᠂ ᠰᠤᠷᠤᠭᠴᠢᠳ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠨ᠂ ᠭᠠᠯ ᠤᠨᠲᠠᠷᠠᠭᠠᠬᠤ ᠠᠮᠤᠷ ᠲᠦᠪᠰᠢᠨ᠂ ᠬᠥᠮᠦᠨ ᠤ ᠪᠡᠶ᠎ᠡ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠦᠨᠡᠨᠬᠦ ᠨᠡᠮᠡᠭᠳᠡᠭᠦᠯᠬᠦ ᠬᠡᠷᠡᠭᠲᠡᠶ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠪᠣᠯᠪᠠᠰᠤᠷᠠᠯ ᠢ ᠳᠡᠭᠡᠭᠰᠢᠯᠡᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠬᠤ ᠳᠤ ᠲᠣᠬᠢᠷᠠᠮᠵᠢᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ       ᠡᠭᠦᠳᠴᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠤᠷᠤᠭᠰᠢᠲᠠᠢ ᠡᠮᠬᠢ ᠵᠢᠷᠤᠮ ᠲᠠᠢ ᠦᠷᠨᠢᠭᠦᠯᠬᠦ ᠶᠢ ᠪᠠᠲᠤᠯᠠᠬᠤ ᠬᠡᠷᠡᠭᠲᠡᠢ ᠭᠡᠪᠡ᠃        2 ᠰᠠᠷ᠎ᠠ ᠶᠢᠨ 28 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠩᠬᠠᠳᠠᠭᠴᠢ ᠮᠤᠵᠢ ᠠᠯᠤᠰᠯᠠᠨ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠲᠥᠷᠥᠯ ᠵᠦᠢᠯ ︽ᠵᠡᠭᠦᠨ ᠦᠵᠦᠮᠦᠴᠢᠨ ᠬᠤᠰᠢᠭᠤᠨ ᠤ ᠤᠯᠠᠭᠠᠶ ᠭᠤᠤᠯ ᠤᠨ ᠵᠠᠰᠠᠯᠲᠠ ᠶᠢᠨ ᠢᠨᠵᠧᠨᠧᠷᠢᠩ ᠤᠨ ᠲᠥᠷᠥᠯ ᠵᠦᠢᠯ︾ ᠰᠢᠯᠢ ᠶᠢᠨ ᠭᠤᠤᠯ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠢᠶᠠᠷ ᠭᠤᠤᠯ ᠲᠠᠯᠠᠪᠤᠷ ᠪᠣᠯᠭᠠᠵᠤ᠂ ᠠᠨᠾᠦ᠋ᠢ ᠮᠤᠵᠢ ᠶᠢᠨ ᠹᠦ᠋ ᠶᠠᠩ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠢᠶᠠᠷ ᠳᠡᠳ᠋ ᠲᠠᠯᠠᠪᠠᠶ ᠪᠣᠯᠭᠠᠵᠤ᠂ ᠳᠠᠭᠠᠭᠠᠴᠢᠯᠠᠯᠲᠠ ᠦᠨᠡᠯᠡᠬᠦ ᠰᠢᠰᠲ᠋ᠧᠮ ᠤᠨ ᠲᠠᠭᠤᠨ ᠤ ᠸᠢᠳᠢᠣ᠋ ᠪᠠᠷ ᠳᠠᠮᠵᠢᠭᠤᠯᠤᠨ ᠴᠠᠭ ᠲᠤᠬᠠᠶ ᠳᠤᠨᠢ ᠰᠠᠨᠠᠯ ᠢᠶᠠᠨ ᠰᠣᠯᠢᠯᠴᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠵᠤ᠂ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠰᠢᠨᠡᠴᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠨᠡᠶᠢᠲᠡ ᠳᠤ ᠦᠷᠭᠦᠯᠵᠢᠯᠡᠨ ᠨᠠᠩ ᠰᠠᠶᠢᠨ ᠦᠢᠯᠡᠴᠢᠯᠡᠭᠡ ᠬᠠᠩᠭᠠᠵᠤ᠂ ᠢᠯᠡ ᠪᠠᠷ ᠠᠷᠠᠯᠵᠢᠶᠠᠯᠠᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号