ᠨᠢᠭᠡ᠂ ᠵᠢᠵᠢᠭ ᠪᠢᠴᠢᠯ ᠠᠵᠤ ᠠᠬᠤᠶᠢᠯᠠᠯ ᠢ ᠬᠡᠷᠬᠢᠨ ᠮᠠᠭᠠᠳᠯᠠᠨ ᠲᠣᠭᠲᠠᠭᠠᠭᠰᠠᠨ ᠪᠣᠢ︖ | ᠵᠢᠵᠢᠭ ᠪᠢᠴᠢᠯ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ︽ᠳᠤᠮᠳᠠ ᠵᠢᠵᠢᠭ ᠠᠵᠤ | ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠤ ᠬᠤᠯᠪᠣᠭᠠᠲᠤ ᠠᠵᠤ ᠠᠬᠤᠶᠢᠯᠠᠯ ︹2011︺ 300 ᠲᠣᠭᠠᠲᠤ ᠶᠣᠰᠣᠭᠠᠷ | ᠬᠡᠷᠡᠭᠵᠢᠭᠦᠯᠦᠨ᠎ᠡ᠃ | ᠬᠤᠶᠠᠷ᠂ ᠵᠢᠵᠢᠭ ᠪᠢᠴᠢᠯ ᠠᠵᠤ ᠠᠬᠤᠶᠢᠯᠠᠯ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ | ᠭᠤᠶᠤᠴᠢᠯᠠᠬᠤ ᠳᠤ ᠶᠠᠮᠠᠷ ᠨᠥᠬᠦᠴᠡᠯ ᠢ ᠪᠦᠷᠢᠯᠳᠦᠭᠦᠯᠬᠦ ᠪᠣᠶ︖ | ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠪᠠᠷ ᠲᠡᠳᠬᠦᠬᠦ ᠡᠲᠡᠭᠡᠳ ᠨᠢ᠄ ᠣᠳᠣ ᠶᠢᠨ ᠬᠡᠷᠡᠭᠵᠢᠭᠦᠯᠵᠦ | ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠳᠤ ᠲᠣᠭᠲᠠᠭᠠᠭᠰᠠᠨ ᠵᠢᠵᠢᠭ | ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠪᠣᠯᠤᠨ᠎ᠠ︔ ᠵᠢᠵᠢᠭ ᠪᠢᠴᠢᠯ ᠠᠵᠤ ᠠᠬᠤᠶᠢᠯᠠᠯ ᠨᠢ ᠠᠳᠠᠯ | ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠠᠴᠠ ᠡᠮᠦᠨ᠎ᠡ 1 ᠵᠢᠯ ᠤᠨ ᠳᠣᠲᠣᠷ᠎ᠠ ᠰᠢᠨ᠎ᠡ ᠪᠠᠷ | ᠡᠯᠰᠡᠨ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠨᠥᠬᠦᠴᠡᠯ ᠳᠤ | ᠨᠡᠶᠢᠴᠡᠭᠰᠡᠨ ᠬᠥᠮᠦᠨ ᠤ ᠲᠤᠭ᠎ᠠ ᠨᠢ ᠠᠵᠤ ᠠᠬᠤᠶᠢᠯᠠᠯ ᠤᠨ ᠣᠳᠣ ᠶᠢᠨ ᠠᠵᠢᠯᠯᠠᠵᠤ ᠪᠠᠶᠢᠭ᠎ᠠ ᠠᠵᠢᠯᠲᠠᠨ ᠤ | ᠬᠥᠮᠦᠨ ᠤ ᠲᠤᠭ᠎ᠠ ᠶᠢᠨ 10% ︵11 ᠬᠥᠮᠦᠨ ᠠᠴᠠ ᠬᠡᠲᠦᠷᠡᠭᠰᠡᠨ ᠠᠵᠤ ᠠᠬᠤᠶᠢᠯᠠᠯ ᠤᠨ 5%︶ ᠳᠤ | ᠬᠦᠷᠦᠭᠰᠡᠨ ᠤ ᠬᠠᠮᠲᠤ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠤᠭᠲᠠᠭᠰᠠᠨ︔ ᠠᠵᠢᠯᠲᠠᠨ ᠤ | ᠴᠠᠯᠢᠩ ᠢ ᠥᠷᠢᠲᠦᠭᠰᠡᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠠᠳᠤᠶ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠢᠲᠡᠭᠡᠮᠵᠢ ᠶᠢᠨ ᠲᠡᠮᠳᠡᠭᠯᠡᠯ ᠪᠠᠶᠢᠬᠤ ᠦᠭᠡᠢ ᠵᠢᠵᠢᠭ ᠬᠡᠯᠪᠡᠷᠢ ᠶᠢᠨ ᠪᠠ ᠪᠢᠴᠢᠯ | ᠬᠡᠯᠪᠡᠷᠢ ᠶᠢᠨ ᠠᠵᠤ ᠠᠬᠤᠶᠢᠯᠠᠯ᠃ | ᠭᠤᠷᠪᠠ᠂ ᠵᠢᠵᠢᠭ ᠪᠢᠴᠢᠯ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠵᠢᠴᠢ ᠠᠳᠠᠯ ᠦᠢᠯᠡᠰ | ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠶᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠢ ᠲᠤᠰᠢᠶᠠᠬᠤ ᠴᠢᠬᠤᠯᠠᠲᠠᠶ | ᠪᠣᠶ︖ | ᠡᠵᠡᠩᠨᠡᠯᠲᠡ ᠶᠢᠨ ᠦᠨᠡᠮᠯᠡᠯ ︵ᠤᠤᠯ᠂ ᠬᠠᠭᠤᠯᠪᠤᠷᠢ ᠳᠡᠪᠲᠡᠷ︶᠂ ᠬᠠᠤᠯᠢ ᠶᠢᠨ ᠡᠷᠬᠡᠲᠡᠨ ᠤ | ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ᠂ ᠠᠵᠤ ᠠᠬᠤᠶᠢᠯᠠᠯ ᠤᠨ ᠪᠥᠬᠦ ᠠᠵᠢᠯᠲᠠᠨ ᠤ ᠨᠡᠷᠡᠰ ᠤᠨ ᠪᠦᠷᠢᠳᠬᠡᠯ | ︵ᠲᠤᠬᠠᠶ ᠶᠢᠨ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ︶᠂ ᠠᠵᠤ ᠠᠬᠤᠶᠢᠯᠠᠯ ᠤᠨ ᠰᠢᠨ᠎ᠡ ᠪᠠᠷ | ᠡᠯᠰᠡᠨ ᠬᠡᠷᠡᠭᠯᠡᠭᠰᠡᠨ ᠬᠥᠮᠦᠰ ᠤᠨ ᠲᠥᠷᠥᠯ ᠢᠯᠭᠠᠯ ᠤᠨ ᠭᠡᠷᠡᠴᠢᠯᠡᠬᠦ ᠮᠠᠲ᠋ᠧᠷᠢᠶᠠᠯ ︵ᠳᠤᠲᠠᠭᠤ︶ ᠢ ᠪᠠᠭᠲᠠᠭᠠᠵᠤ᠂ | ᠠᠵᠤ ᠠᠬᠤᠶᠢᠯᠠᠯ ᠤᠨ ᠴᠠᠯᠢᠩ ᠥᠭᠬᠦ ᠨᠠᠷᠢᠨ ᠬᠦᠰᠦᠨᠦᠭᠲᠦ ᠵᠢᠴᠢ ᠲᠠᠩᠰᠠ ᠲᠡᠮᠳᠡᠭᠯᠡᠬᠦ ᠭᠡᠷᠡᠴᠢ ᠪᠠᠷᠢᠮᠲᠠ᠂ ᠠᠵᠤ | ᠠᠬᠤᠶᠢᠯᠠᠯ ᠤᠨ ᠲᠤᠬᠠᠶ ᠶᠢᠨ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ ᠤᠨ ᠬᠥᠳᠡᠯᠮᠦᠷᠢ ᠶᠢᠨ ᠭᠡᠷ᠎ᠡ᠂ | ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠭᠡᠷᠡᠴᠢ ᠪᠠᠷᠢᠮᠲᠠ ᠵᠢᠴᠢ ᠰᠦᠢᠳᠭᠡᠯ ᠲᠤᠰᠢᠶᠠᠬᠤ ᠬᠥᠮᠦᠰ ᠤᠨ | ᠨᠡᠷᠡᠰ ᠤᠨ ᠪᠦᠷᠢᠳᠬᠡᠯ᠂ ᠬᠤᠪᠢ ᠣᠷᠣᠭᠤᠯᠤᠭᠴᠢ ᠶᠢᠨ ᠵᠥᠪᠯᠡᠯ ᠤᠨ ᠵᠢᠭᠡᠯᠡᠯᠭᠡ ᠶᠢᠨ ᠰᠢᠢᠳᠪᠦᠷᠢ᠃ | ᠳᠥᠷᠪᠡ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ | ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠤᠭᠤᠴᠠᠭ᠎ᠠ ᠬᠢᠵᠠᠭᠠᠷ ᠨᠢ ᠬᠡᠳᠦᠶ ᠪᠣᠶ︖ | ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ | 300 ᠲᠦᠮᠡᠨ ᠪᠠᠶᠢᠭᠰᠠᠨ ᠠᠴᠠ ᠨᠢ ᠬᠠᠮᠤᠭ ᠤᠨ ᠥᠨᠳᠥᠷ 400 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ | ᠬᠠᠮᠤᠭ ᠤᠨ ᠤᠷᠲᠤ ᠵᠢᠭᠡᠯᠡᠯᠭᠡ ᠶᠢᠨ ᠬᠤᠭᠤᠴᠠᠭ᠎ᠠ ᠶᠢ 2 ᠵᠢᠯ ᠠᠴᠠ ᠬᠡᠲᠦᠷᠡᠭᠦᠯᠵᠦ ᠪᠣᠯᠬᠤ ᠦᠭᠡᠶ᠃ | ᠲᠠᠪᠤ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ | ᠬᠡᠷᠬᠢᠨ ᠲᠠᠭᠠᠭᠠᠯᠲᠠ ᠮᠥᠩᠭᠦ ᠥᠭᠬᠦ ᠪᠣᠶ︖ | ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠪᠣᠳᠠᠲᠠᠶ ᠬᠦᠦ ᠶᠢᠨ ᠨᠣᠷᠮ᠎ᠠ ᠶᠢᠨ 50% ᠶᠢᠨ ᠡᠳ᠋ ᠤᠨ ᠵᠠᠰᠠᠭ ᠤᠨ ᠲᠠᠭᠠᠭᠠᠯᠲᠠ ᠮᠥᠩᠭᠦ | ᠥᠭᠭᠦᠨ᠎ᠡ᠃ | |