2024 ᠣᠨ ᠤ ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2024/6/19
      ᠨᠢᠭᠡ᠂ ᠲᠣᠭᠲᠠᠭᠠᠭᠰᠠᠨ ᠴᠢᠬᠤᠯᠠ ᠴᠢᠨᠠᠷ      ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠪᠣᠯ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠮᠠᠯ ᠡᠮᠨᠡᠯᠭᠡ ᠶᠢᠨ ᠦᠢᠯᠡᠴᠢᠯᠡᠭᠡᠨ ᠤ ᠴᠢᠬᠤᠯᠠ ᠪᠡᠶᠡᠯᠡᠬᠦ ᠬᠡᠯᠪᠡᠷᠢ ᠪᠣᠯᠤᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠮᠠᠯ ᠡᠮᠨᠡᠯᠭᠡ ᠶᠢᠨ ᠬᠦᠷᠢᠶᠡᠨ ᠳᠠᠬᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠮᠠᠯ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ ᠪᠣᠯᠤᠨ᠎ᠠ᠂ ᠨᠡᠶᠢᠭᠡᠮ ᠤᠨ ᠡᠬᠢ ᠪᠠᠶᠠᠯᠢᠭ ᠢ ᠨᠢᠭᠡᠲᠦᠭᠦᠯᠵᠦ ᠬᠡᠷᠡᠭᠯᠡᠬᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠮᠠᠯ ᠡᠮᠨᠡᠯᠭᠡ ᠶᠢᠨ ᠠᠵᠢᠯ ᠤᠨ ᠰᠢᠨ᠎ᠡ ᠵᠠᠭᠪᠤᠷ ᠢ ᠪᠦᠷᠢᠯᠳᠦᠭᠦᠯᠬᠦ ᠳᠤ ᠠᠰᠢᠭᠲᠠᠶ᠂ ᠮᠠᠨ ᠤ ᠤᠯᠤᠰ ᠤᠨ ᠮᠠᠯ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠨᠢ ᠲᠤᠰᠬᠠᠶᠢᠵᠢᠭᠰᠠᠨ᠂ ᠵᠣᠬᠢᠶᠠᠨ ᠪᠠᠶᠢᠭᠤᠯᠤᠯᠴᠠᠭᠰᠠᠨ ᠮᠠᠯ ᠡᠮᠨᠡᠯᠭᠡ ᠶᠢᠨ ᠦᠢᠯᠡᠴᠢᠯᠡᠭᠡ ᠳᠤ ᠦᠵᠡᠭᠦᠯᠬᠦ ᠲᠤᠯᠭᠠᠮ᠎ᠠ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ ᠳᠤ ᠠᠰᠢᠭᠲᠠᠶ ᠶᠤᠮ᠃ ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠠᠬᠢᠭᠤᠯᠵᠤ᠂ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ     ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠲᠤᠬᠠᠶ ᠵᠢᠯᠣᠭᠤᠳᠬᠤ ᠰᠠᠨᠠᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ   ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠲᠤᠬᠠᠶ ᠬᠡᠷᠡᠭᠵᠢᠭᠦᠯᠬᠦ       ᠰᠠᠨᠠᠯ︾ ᠪᠠ   ︽ᠰᠢᠯᠢ ᠶᠢᠨ ᠭᠤᠤᠯ ᠠᠶᠢᠮᠠᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ( ᠨᠢᠭᠡ)ᠬᠤᠳᠠᠯᠳᠤᠨ ᠠᠪᠬᠤ ᠭᠤᠤᠯ ᠴᠣᠭᠴᠠ᠃ ᠵᠡᠭᠦᠨ ᠦᠵᠦᠮᠦᠴᠢᠨ ᠬᠤᠰᠢᠭᠤᠨ ᠤ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃      ( ᠬᠤᠶᠠᠷ)ᠬᠠᠩᠭᠠᠯᠭ᠎ᠠ ᠶᠢᠨ ᠭᠤᠤᠯ ᠴᠣᠭᠴᠠ᠃ ᠡᠯ᠎ᠡ ᠰᠤᠮᠤ ᠪᠠᠯᠭᠠᠰᠤᠨ ᠤ ᠬᠠᠷᠢᠶ᠎ᠠ ᠣᠷᠣᠨ ᠤ ᠪᠠᠨ ᠬᠤᠷᠰᠢᠶ᠎ᠠ ︵ᠦᠢᠯᠡᠴᠢᠯᠡᠭᠡᠨ ᠤ ᠠᠩᠭᠢ︶ ᠶᠢ ᠵᠣᠬᠢᠶᠠᠨ ᠪᠠᠶᠢᠭᠤᠯᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠵᠠᠯᠭᠠᠨ ᠠᠪᠬᠤ ᠶᠢ ᠵᠣᠷᠢᠭᠵᠢᠭᠤᠯᠵᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠪᠤᠶᠤ ᠥᠷᠢᠰᠥᠯᠳᠦᠭᠡᠨ ᠤ ᠴᠢᠨᠠᠷᠲᠠᠶ ᠵᠥᠪᠳᠡᠯᠴᠡᠬᠦ ᠬᠡᠯᠪᠡᠷᠢ ᠪᠠᠷ ᠬᠠᠩᠭᠠᠯᠭ᠎ᠠ ᠶᠢᠨ ᠭᠤᠤᠯ ᠴᠣᠭᠴᠠ ᠶᠢ ᠲᠣᠭᠲᠠᠭᠠᠨ᠎ᠠ᠃      ︵ᠭᠤᠷᠪᠠ︶ ᠦᠢᠯᠡᠴᠢᠯᠡᠭᠡᠨ ᠤ ᠬᠦᠷᠢᠶ᠎ᠠ ᠬᠡᠪᠴᠢᠶ᠎ᠠ      ᠪᠦᠬᠦ ᠬᠤᠰᠢᠭᠤᠨ ᠤ 9 ᠰᠤᠮᠤ ᠪᠠᠯᠭᠠᠰᠤᠨ ᠤ 62 ᠭᠠᠴᠠᠭ᠎ᠠ᠃      ︵ᠲᠦᠷᠪᠡ︶ ᠦᠢᠯᠡᠴᠢᠯᠡᠭᠡ ᠬᠤᠳᠠᠯᠳᠤᠨ ᠠᠪᠬᠤ ᠠᠭᠤᠯᠭ᠎ᠠ      ⒈ ᠬᠠᠪᠤᠷ ᠨᠠᠮᠤᠷ ᠬᠤᠶᠠᠷ ᠤᠯᠠᠷᠢᠯ ᠳᠤ ᠠᠯᠪᠠᠳᠠᠯᠭ᠎ᠠ ᠶᠢᠨ ᠢᠮᠦ᠋ᠨ ᠪᠠ ᠲᠥᠯᠥᠪᠯᠡᠭᠡᠲᠦ ᠢᠮᠦ᠋ᠨ ᠠᠭᠤᠯᠭ᠎ᠠ  ᠲᠠᠢ᠂ ᠵᠢᠯ ᠪᠦᠷᠢ ᠶᠢᠨ 4 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ᠂ 9 ᠰᠠᠷ᠎ᠠ ᠶᠢᠨ 20 ᠤ ᠡᠳᠦᠷ ᠠᠴᠠ 10 ᠰᠠᠷ᠎ᠠ ᠶᠢᠨ 20 ᠤ ᠡᠳᠦᠷ ᠪᠣᠯᠲᠠᠯ᠎ᠠ ᠰᠢᠯᠦᠬᠡᠶ ᠡᠪᠡᠳᠴᠢᠨ᠂ ᠪᠷᠦ᠋ᠼᠧᠯ ᠡᠪᠡᠳᠴᠢᠨ᠂ ᠬᠡᠪᠢᠭᠴᠢ  ᠪᠣᠭ ᠮᠠᠯ ᠤᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠡᠪᠡᠳᠴᠢᠨ ᠵᠡᠷᠭᠡ 4 ᠵᠦᠢᠯ ᠤᠨ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠶᠢᠨ ᠢᠮᠦ᠋ᠨ ᠤ ᠲᠠᠷᠢᠯᠭ᠎ᠠ ᠬᠢᠵᠦ᠂            ︽ᠭᠠᠴᠠᠭ᠎ᠠ ᠶᠢ ᠣᠷᠬᠢᠭᠳᠠᠭᠤᠯᠬᠤ ᠥᠬᠡᠶ᠂ ᠡᠷᠦᠬᠡ ᠶᠢ ᠣᠷᠬᠢᠭᠳᠠᠭᠤᠯᠬᠤ ᠥᠬᠡᠶ᠂ ᠮᠠᠯ ᠤᠨᠤᠭ᠎ᠠ ᠶᠢ ᠣᠷᠬᠢᠭᠳᠠᠭᠤᠯᠬᠤ ᠥᠬᠡᠶ︾ 100% ᠶᠢᠨ ᠢᠮᠦ᠋ᠨ ᠤ ᠲᠠᠷᠢᠯᠭ᠎ᠠ ᠶᠢᠨ ᠨᠢᠭᠲᠠᠴᠠ ᠶᠢ ᠦᠨᠡᠨᠬᠦ ᠪᠠᠲᠤᠯᠠᠨ᠎ᠠ᠃ ᠰᠠᠷ᠎ᠠ ᠪᠦᠷᠢ ᠨᠥᠬᠦᠵᠦ ᠲᠠᠷᠢᠯᠭ᠎ᠠ ᠬᠢᠬᠦ ᠪᠠ ᠪᠠᠴᠢᠮ ᠲᠠᠷᠢᠯᠭ᠎ᠠ ᠬᠢᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔      ⒉ᠭᠡᠨᠡᠳᠲᠡ ᠶᠢᠨ ᠬᠦᠨᠳᠦ ᠶᠡᠭᠡ ᠠᠮᠢᠲᠠᠨ ᠤ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠬᠠᠪᠰᠤᠷᠤᠨ ᠰᠢᠢᠳᠪᠦᠷᠢᠯᠡᠬᠦ ᠠᠵᠢᠯ ︵ᠵᠢᠱᠢᠶᠡᠯᠡᠪᠡᠯ ᠠᠯᠠᠵᠤ ᠨᠢᠲᠤᠯᠬᠤ᠂ ᠠᠷᠢᠭᠤᠳᠬᠠᠬᠤ᠂ ᠪᠢᠲᠡᠭᠦᠮᠵᠢᠯᠡᠬᠦ᠂ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ︶︔      ⒊ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠤᠨ ᠦᠯᠢᠭᠡᠷ ᠬᠡᠪ ᠴᠤᠭᠯᠠᠭᠤᠯᠬᠤ         ︵ᠪᠷᠦ᠋ᠼᠧᠯ ᠡᠪᠡᠳᠴᠢᠨ ᠤ ᠦᠯᠢᠭᠡᠷ ᠶᠠᠩᠵᠤ ᠠᠪᠬᠤ᠂ ᠦᠷ᠎ᠡ ᠪᠦᠲᠦᠮᠵᠢ ᠶᠢ ᠪᠠᠶᠢᠴᠠᠭᠠᠨ ᠬᠡᠮᠵᠢᠵᠦ ᠦᠯᠢᠭᠡᠷ ᠠᠪᠬᠤ᠂ ᠳᠡᠭᠡᠷ᠎ᠡ ᠱᠠᠲᠤᠨ ᠤ ᠰᠠᠯᠠᠭ᠎ᠠ ᠮᠥᠴᠢᠷ ᠤᠨ ᠪᠤᠰᠤᠳ ᠦᠯᠢᠭᠡᠷ ᠠᠪᠬᠤ ᠡᠭᠦᠷᠭᠡ ᠵᠡᠷᠭᠡ︶︔      ⒋ ᠬᠠᠷᠢᠶ᠎ᠠ ᠣᠷᠣᠨ ᠤ ᠳᠣᠲᠣᠷᠠᠬᠢ ᠠᠮᠢᠲᠠᠨ ᠤ ᠬᠢᠵᠢᠭ ᠤᠨ ᠪᠠᠶᠢᠳᠠᠯ ᠢ ᠪᠠᠶᠢᠴᠠᠭᠠᠬᠤ᠂ ᠮᠡᠳᠡᠭᠦᠯᠬᠦ ᠠᠵᠢᠯ ᠢ ᠬᠠᠷᠢᠭᠤᠴᠠᠨ᠎ᠠ᠃      ⒌ ᠢᠮᠦᠨ ᠤ ᠡᠷᠡᠭᠦᠯ ᠪᠤᠰᠤ ᠳᠣᠰᠬᠠᠯ ᠲᠠᠢ ᠮᠠᠯ ᠵᠢᠭᠦᠷᠲᠡᠨ ᠢ ᠠᠪᠤᠷᠠᠨ ᠵᠠᠰᠠᠵᠤ ᠰᠢᠢᠳᠪᠦᠷᠢᠯᠡᠨ᠎ᠠ᠃      ⒍ᠠᠮᠢᠲᠠᠨ ᠤ ᠬᠢᠵᠢᠭ ᠪᠠᠶᠢᠴᠠᠭᠠᠯᠲᠠ ᠶᠢ ᠮᠡᠳᠡᠭᠦᠯᠬᠦ ᠪᠠ ᠠᠮᠢᠲᠠᠨ ᠤ ᠬᠢᠵᠢᠭ ᠪᠠᠶᠢᠴᠠᠭᠠᠬᠤ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠨ᠎ᠠ᠃      ⒎  ᠳᠡᠭᠡᠷ᠎ᠡ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠨ ᠡᠭᠦᠷᠭᠡ᠃      ︵ᠲᠠᠪᠤ︶ ᠪᠡᠯᠡ ᠮᠥᠩᠭᠦᠨ ᠤ ᠬᠠᠮᠢᠶᠠᠷᠤᠯᠲᠠ᠃ ᠡᠨᠡ ᠬᠦ ᠠᠵᠢᠯ ᠤᠨ ᠠᠵᠢᠯᠯᠠᠭᠠᠨ ᠤ ᠬᠤᠭᠤᠴᠠᠭᠠᠨ ᠳᠤ᠂ ᠪᠡᠯᠡ ᠮᠥᠩᠭᠦ ᠥᠭᠬᠦ ᠶᠢ ᠡᠳ᠋ ᠤᠨ ᠵᠠᠰᠠᠭ ᠤᠨ ᠰᠠᠯᠭᠠᠨ ᠥᠭᠭᠦᠭᠰᠡᠨ ᠪᠡᠯᠡ ᠮᠥᠩᠭᠦ ᠶᠢᠨ ᠪᠠᠶᠢᠳᠠᠯ ᠢ ᠦᠨᠳᠦᠰᠦᠯᠡᠨ ᠪᠦᠯᠦᠭ ᠤᠳᠠᠭ᠎ᠠ ᠬᠤᠪᠢᠶᠠᠨ ᠥᠭᠭᠦᠨ᠎ᠡ᠃      ︵ᠵᠢᠷᠭᠤᠭ᠎ᠠ︶ ᠦᠢᠯᠡᠴᠢᠯᠡᠭᠡᠨ ᠤ ᠬᠤᠭᠤᠴᠠᠭ᠎ᠠ᠃ ᠦᠢᠯᠡᠴᠢᠯᠡᠭᠡᠨ ᠬᠤᠳᠠᠯᠳᠤᠨ ᠠᠪᠬᠤ ᠬᠤᠭᠤᠴᠠᠭ᠎ᠠ ᠨᠢ 1 ᠵᠢᠯ ᠪᠣᠯᠤᠨ᠎ᠠ᠂ ᠦᠢᠯᠡᠴᠢᠯᠡᠭᠡᠨ ᠤ ᠭᠤᠤᠯ ᠴᠣᠭᠴᠠ ᠶᠢᠨ ᠣᠨ ᠤ ᠰᠢᠯᠭᠠᠨ ᠬᠢᠨᠠᠭᠰᠠᠨ ᠪᠠᠶᠢᠳᠠᠯ ᠢ        ᠦᠨᠳᠦᠰᠦᠯᠡᠨ᠂ ᠦᠢᠯᠡᠴᠢᠯᠡᠭᠡᠨ ᠤ ᠭᠡᠷ᠎ᠡ ᠪᠠᠨ ᠦᠷᠭᠦᠯᠵᠢᠯᠡᠨ ᠲᠣᠭᠲᠠᠵᠤ ᠪᠣᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号