ᠵᠢᠵᠢᠭ ᠪᠢᠴᠢᠯ ᠠᠵᠤ ᠠᠬᠤᠶᠢᠯᠠᠯ ᠤᠨ ᠳᠠᠭᠠᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠮᠡᠳᠡᠭᠳᠡᠬᠦ ᠬᠠᠭᠤᠳᠠᠰᠤ
ᠨᠡᠶᠢᠲᠡᠯᠡᠭᠰᠡᠨ ᠴᠠᠭ᠄
2024/6/19
      ᠨᠢᠭᠡ᠂ ᠵᠢᠵᠢᠭ ᠪᠢᠴᠢᠯ ᠠᠵᠤ ᠠᠬᠤᠶᠢᠯᠠᠯ ᠢ ᠬᠡᠷᠬᠢᠨ ᠮᠠᠭᠠᠳᠯᠠᠨ ᠲᠣᠭᠲᠠᠭᠠᠭᠰᠠᠨ ᠪᠣᠢ︖      ᠵᠢᠵᠢᠭ ᠪᠢᠴᠢᠯ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠤᠯᠪᠣᠭᠠᠲᠤ ᠠᠵᠤ ᠠᠬᠤᠶᠢᠯᠠᠯ ︹2011︺ 300 ᠲᠣᠭᠠᠲᠤ ᠶᠣᠰᠣᠭᠠᠷ ᠬᠡᠷᠡᠭᠵᠢᠭᠦᠯᠦᠨ᠎ᠡ᠃      ᠬᠤᠶᠠᠷ᠂ ᠵᠢᠵᠢᠭ ᠪᠢᠴᠢᠯ ᠠᠵᠤ ᠠᠬᠤᠶᠢᠯᠠᠯ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠶᠠᠮᠠᠷ ᠨᠥᠬᠦᠴᠡᠯ ᠢ ᠪᠦᠷᠢᠯᠳᠦᠭᠦᠯᠬᠦ ᠪᠣᠶ︖      ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠪᠠᠷ ᠲᠡᠳᠬᠦᠬᠦ ᠡᠲᠡᠭᠡᠳ ᠨᠢ᠄ ᠣᠳᠣ ᠶᠢᠨ ᠬᠡᠷᠡᠭᠵᠢᠭᠦᠯᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠳᠤ ᠲᠣᠭᠲᠠᠭᠠᠭᠰᠠᠨ ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠪᠣᠯᠤᠨ᠎ᠠ︔ ᠵᠢᠵᠢᠭ ᠪᠢᠴᠢᠯ ᠠᠵᠤ ᠠᠬᠤᠶᠢᠯᠠᠯ ᠨᠢ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠠᠴᠠ ᠡᠮᠦᠨ᠎ᠡ 1 ᠵᠢᠯ ᠤᠨ ᠳᠣᠲᠣᠷ᠎ᠠ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠬᠥᠮᠦᠨ ᠤ ᠲᠤᠭ᠎ᠠ ᠨᠢ ᠠᠵᠤ ᠠᠬᠤᠶᠢᠯᠠᠯ ᠤᠨ ᠣᠳᠣ ᠶᠢᠨ ᠠᠵᠢᠯᠯᠠᠵᠤ ᠪᠠᠶᠢᠭ᠎ᠠ ᠠᠵᠢᠯᠲᠠᠨ ᠤ ᠬᠥᠮᠦᠨ ᠤ ᠲᠤᠭ᠎ᠠ ᠶᠢᠨ 10% ︵11 ᠬᠥᠮᠦᠨ ᠠᠴᠠ ᠬᠡᠲᠦᠷᠡᠭᠰᠡᠨ ᠠᠵᠤ ᠠᠬᠤᠶᠢᠯᠠᠯ ᠤᠨ 5%︶ ᠳᠤ ᠬᠦᠷᠦᠭᠰᠡᠨ ᠤ ᠬᠠᠮᠲᠤ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠤᠭᠲᠠᠭᠰᠠᠨ︔ ᠠᠵᠢᠯᠲᠠᠨ ᠤ ᠴᠠᠯᠢᠩ ᠢ ᠥᠷᠢᠲᠦᠭᠰᠡᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠠᠳᠤᠶ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠢᠲᠡᠭᠡᠮᠵᠢ ᠶᠢᠨ ᠲᠡᠮᠳᠡᠭᠯᠡᠯ ᠪᠠᠶᠢᠬᠤ ᠦᠭᠡᠢ ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ᠃      ᠭᠤᠷᠪᠠ᠂ ᠵᠢᠵᠢᠭ ᠪᠢᠴᠢᠯ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠵᠢᠴᠢ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠶᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠢ ᠲᠤᠰᠢᠶᠠᠬᠤ ᠴᠢᠬᠤᠯᠠᠲᠠᠶ ᠪᠣᠶ︖      ᠡᠵᠡᠩᠨᠡᠯᠲᠡ ᠶᠢᠨ ᠦᠨᠡᠮᠯᠡᠯ ︵ᠤᠤᠯ᠂ ᠬᠠᠭᠤᠯᠪᠤᠷᠢ ᠳᠡᠪᠲᠡᠷ︶᠂ ᠬᠠᠤᠯᠢ ᠶᠢᠨ ᠡᠷᠬᠡᠲᠡᠨ ᠤ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ᠂ ᠠᠵᠤ ᠠᠬᠤᠶᠢᠯᠠᠯ ᠤᠨ ᠪᠥᠬᠦ ᠠᠵᠢᠯᠲᠠᠨ ᠤ ᠨᠡᠷᠡᠰ ᠤᠨ ᠪᠦᠷᠢᠳᠬᠡᠯ        ︵ᠲᠤᠬᠠᠶ ᠶᠢᠨ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ︶᠂ ᠠᠵᠤ ᠠᠬᠤᠶᠢᠯᠠᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ ᠤᠨ ᠲᠥᠷᠥᠯ ᠢᠯᠭᠠᠯ ᠤᠨ ᠭᠡᠷᠡᠴᠢᠯᠡᠬᠦ ᠮᠠᠲ᠋ᠧᠷᠢᠶᠠᠯ ︵ᠳᠤᠲᠠᠭᠤ︶ ᠢ ᠪᠠᠭᠲᠠᠭᠠᠵᠤ᠂ ᠠᠵᠤ ᠠᠬᠤᠶᠢᠯᠠᠯ ᠤᠨ ᠴᠠᠯᠢᠩ ᠥᠭᠬᠦ ᠨᠠᠷᠢᠨ ᠬᠦᠰᠦᠨᠦᠭᠲᠦ ᠵᠢᠴᠢ ᠲᠠᠩᠰᠠ ᠲᠡᠮᠳᠡᠭᠯᠡᠬᠦ ᠭᠡᠷᠡᠴᠢ ᠪᠠᠷᠢᠮᠲᠠ᠂ ᠠᠵᠤ ᠠᠬᠤᠶᠢᠯᠠᠯ ᠤᠨ ᠲᠤᠬᠠᠶ ᠶᠢᠨ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ ᠤᠨ ᠬᠥᠳᠡᠯᠮᠦᠷᠢ ᠶᠢᠨ ᠭᠡᠷ᠎ᠡ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠭᠡᠷᠡᠴᠢ ᠪᠠᠷᠢᠮᠲᠠ ᠵᠢᠴᠢ ᠰᠦᠢᠳᠭᠡᠯ ᠲᠤᠰᠢᠶᠠᠬᠤ ᠬᠥᠮᠦᠰ ᠤᠨ ᠨᠡᠷᠡᠰ ᠤᠨ ᠪᠦᠷᠢᠳᠬᠡᠯ᠂ ᠬᠤᠪᠢ ᠣᠷᠣᠭᠤᠯᠤᠭᠴᠢ ᠶᠢᠨ ᠵᠥᠪᠯᠡᠯ ᠤᠨ ᠵᠢᠭᠡᠯᠡᠯᠭᠡ ᠶᠢᠨ ᠰᠢᠢᠳᠪᠦᠷᠢ᠃      ᠳᠥᠷᠪᠡ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠤᠭᠤᠴᠠᠭ᠎ᠠ ᠬᠢᠵᠠᠭᠠᠷ ᠨᠢ ᠬᠡᠳᠦᠶ ᠪᠣᠶ︖      ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 300 ᠲᠦᠮᠡᠨ ᠪᠠᠶᠢᠭᠰᠠᠨ ᠠᠴᠠ ᠨᠢ ᠬᠠᠮᠤᠭ ᠤᠨ ᠥᠨᠳᠥᠷ 400 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠤᠷᠲᠤ ᠵᠢᠭᠡᠯᠡᠯᠭᠡ ᠶᠢᠨ ᠬᠤᠭᠤᠴᠠᠭ᠎ᠠ ᠶᠢ 2 ᠵᠢᠯ ᠠᠴᠠ ᠬᠡᠲᠦᠷᠡᠭᠦᠯᠵᠦ ᠪᠣᠯᠬᠤ ᠦᠭᠡᠶ᠃      ᠲᠠᠪᠤ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ ᠬᠡᠷᠬᠢᠨ ᠲᠠᠭᠠᠭᠠᠯᠲᠠ ᠮᠥᠩᠭᠦ ᠥᠭᠬᠦ ᠪᠣᠶ︖      ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠣᠳᠠᠲᠠᠶ ᠬᠦᠦ ᠶᠢᠨ ᠨᠣᠷᠮ᠎ᠠ ᠶᠢᠨ 50% ᠶᠢᠨ ᠡᠳ᠋ ᠤᠨ ᠵᠠᠰᠠᠭ ᠤᠨ ᠲᠠᠭᠠᠭᠠᠯᠲᠠ ᠮᠥᠩᠭᠦ ᠥᠭᠭᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号