100 ᠲᠦᠮᠡᠨ ᠲᠣᠨ︕ ᠡᠨᠡ ᠵᠢᠯ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/6/25
        ᠡᠨᠡ ᠵᠢᠯ ᠠᠴᠠ ᠨᠠᠰᠢ᠂ ᠵᠡᠭᠦᠨ ᠬᠠᠲᠠᠪᠴᠢ ᠪᠣᠭᠤᠮᠲᠠ ᠶᠢᠨ ᠬᠢᠨ ︽ᠲᠠᠪᠤᠨ ᠶᠡᠭᠡ ᠡᠭᠦᠷᠭᠡ︾᠎ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ         ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ ᠳᠤᠮᠳᠠᠬᠢ ᠬᠦᠴᠢᠷ ᠠᠰᠠᠭᠤᠳᠠᠯ ᠪᠣᠯᠤᠨ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠣᠭᠤᠮᠲᠠ ᠪᠠᠷ ᠥᠩᠭᠡᠷᠡᠬᠦ ᠶᠠᠪᠤᠴᠠ ᠶᠢ ᠰᠠᠭᠠᠳ ᠥᠬᠡᠶ ᠪᠠᠶᠢᠯᠭᠠᠬᠤ ᠶᠢ ᠦᠨᠡᠨᠬᠦ ᠪᠠᠲᠤᠯᠠᠵᠤ᠂ 3 ᠳ᠋ᠤᠭᠠᠷ ᠰᠠᠷ᠎ᠠ ᠶᠢᠨ 13᠎ ᠤ ᠡᠳᠦᠷ ᠪᠣᠭᠤᠮᠲᠠ ᠪᠠᠷ ᠥᠩᠭᠡᠷᠡᠬᠦ ᠴᠢᠳᠠᠪᠤᠷᠢ ᠪᠣᠯᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳᠠᠬᠢᠨ ᠢᠶᠠᠷ ᠨᠡᠮᠡᠭᠳᠡᠬᠦ ᠶᠢ ᠠᠬᠢᠭᠤᠯᠪᠠ᠃        6 ᠰᠠᠷ᠎ᠠ ᠶᠢᠨ 6᠎ ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 98.75 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31. 4%᠎ ᠪᠠᠷ ᠨᠡᠮᠡᠭᠳᠡᠪᠡ᠂ ᠡᠭᠦᠨ ᠳᠤ ᠨᠡᠭᠦᠷᠡᠰᠦ 95.22 ᠲᠦᠮᠡᠨ ᠲᠣᠨ ᠳᠤ ᠬᠦᠷᠴᠦ᠂ ᠪᠤᠰᠤᠳ ᠨᠢ ᠲᠡᠮᠦᠷ ᠤᠨ ᠨᠠᠷᠢᠯᠢᠭ ᠨᠤᠨᠲᠠᠭ᠂ ᠴᠠᠶᠢᠷ ᠤᠨ ᠨᠠᠷᠢᠯᠢᠭ ᠨᠤᠨᠲᠠᠭ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ 3.53 ᠲᠦᠮᠡᠨ ᠲᠣᠨ ᠪᠤᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号