︽ᠪᠥᠬᠦ ᠬᠤᠰᠢᠭᠤᠨ ᠤ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠪᠠ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/25
        ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠡᠷᠬᠡ ᠠᠰᠢᠭ ᠢ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠩ ᠰᠠᠶᠢᠲᠤᠷ ᠬᠡᠷᠡᠭᠵᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠵᠦᠶ ᠵᠣᠬᠢᠰᠲᠠᠶ ᠭᠠᠵᠠᠷ ᠬᠡᠷᠡᠭᠯᠡᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠮᠡᠳᠡᠭᠳᠡᠯ︾᠂ ︽ᠪᠥᠬᠦ ᠬᠤᠰᠢᠭᠤᠨ ᠤ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠪᠠ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠢᠨᠠᠨ ᠵᠥᠪᠰᠢᠶᠡᠷᠡᠬᠦ ᠶᠢ ᠲᠦᠷᠭᠡᠳᠬᠡᠬᠦ ᠬᠤᠯᠪᠣᠭᠳᠠᠯ ᠪᠥᠬᠦᠶ ᠵᠦᠢᠯᠡᠰ ᠲᠤ ᠬᠤᠯᠪᠣᠭᠳᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠶ᠎ᠠ᠄        ᠨᠢᠭᠡ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠣᠮᠢᠶᠠᠯᠠᠯ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ 362 ᠳ᠋ᠤᠭᠠᠷ ᠵᠦᠢᠯ ᠢ ᠦᠨᠳᠦᠰᠦᠯᠡᠪᠡᠯ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠲᠦ ᠬᠥᠮᠦᠨ ᠨᠢ ᠬᠠᠤᠯᠢ ᠶᠣᠰᠣᠭᠠᠷ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠳᠤ ᠡᠵᠡᠯᠡᠬᠦ ᠪᠠ ᠬᠡᠷᠡᠭᠯᠡᠬᠦ ᠡᠷᠬᠡ ᠲᠠᠢ᠂ ᠬᠠᠤᠯᠢ ᠶᠣᠰᠣᠭᠠᠷ ᠲᠣᠰ ᠭᠠᠵᠠᠷ ᠰᠢᠷᠣᠶ ᠶᠢ ᠠᠰᠢᠭᠯᠠᠨ ᠣᠷᠣᠨ ᠰᠠᠭᠤᠴᠠ ᠵᠢᠴᠢ ᠲᠡᠭᠦᠨ ᠤ ᠳᠠᠭᠠᠯᠲᠠ ᠲᠥᠬᠦᠭᠡᠷᠦᠮᠵᠢ ᠶᠢ ᠪᠠᠷᠢᠬᠤ ᠡᠷᠬᠡ ᠲᠠᠢ᠃        ᠬᠤᠶᠠᠷ᠂ ᠮᠠᠯᠵᠢᠬᠤ ᠣᠷᠣᠨ ᠤ ᠮᠠᠯᠴᠢᠳ ᠤᠨ ᠣᠷᠣᠨ ᠰᠠᠭᠤᠴᠠ ᠶᠢᠨ ᠭᠠᠵᠠᠷ ᠤᠨ ᠲᠠᠯᠠᠪᠠᠢ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠪᠠᠷᠢᠮᠵᠢᠶ᠎ᠠ᠃ ᠮᠠᠨ ᠤ ᠬᠤᠰᠢᠭᠤᠨ ᠤ ᠣᠷᠣᠨ ᠰᠠᠭᠤᠴᠠ ᠶᠢᠨ ᠭᠠᠵᠠᠷ ᠤᠨ ᠲᠠᠯᠠᠪᠠᠶ ᠮᠠᠯᠵᠢᠬᠤ ᠣᠷᠣᠨ ᠤ ᠡᠷᠦᠬᠡ ᠪᠦᠷᠢ ᠳᠤ 660 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠦᠭᠡᠢ᠃        ᠭᠤᠷᠪᠠ᠂ ᠮᠠᠯᠵᠢᠬᠤ ᠣᠷᠣᠨ ᠤ ᠮᠠᠯᠴᠢᠳ ᠣᠷᠣᠨ ᠰᠠᠭᠤᠴᠠ ᠶᠢᠨ ᠭᠠᠵᠠᠷ ᠲᠠᠢ ᠪᠠᠶᠢᠵᠤ ᠪᠣᠯᠬᠤ ᠡᠰᠡᠬᠦ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠵᠢᠷᠠᠨ ᠬᠤᠶᠠᠳᠤᠭᠠᠷ ᠵᠦᠢᠯ ᠢ ᠦᠨᠳᠦᠰᠦᠯᠡᠪᠡᠯ᠂ ᠬᠥᠳᠡᠭᠡ ᠲᠣᠰᠬᠤᠨ ᠤ ᠠᠷᠠᠳ ᠤᠨ ᠨᠢᠭᠡ ᠡᠷᠦᠬᠡ ᠳᠤ ᠨᠢᠭᠡ ᠯᠡ ᠣᠷᠣᠨ ᠰᠠᠭᠤᠴᠠ ᠶᠢᠨ ᠭᠠᠵᠠᠷ ᠲᠠᠢ ᠪᠠᠶᠢᠬᠤ ᠬᠡᠷᠡᠭᠲᠡᠶ᠃        ᠳᠥᠷᠪᠡ᠂ ︽ᠨᠢᠭᠡ ᠡᠷᠦᠬᠡ ᠨᠢᠭᠡ ᠭᠡᠷ︾ ᠳᠠᠬᠢ ︽ᠨᠢᠭᠡ ᠡᠷᠦᠬᠡ︾ ᠶᠢᠨ ᠲᠣᠲᠤᠷᠬᠠᠶᠢᠯᠠᠯᠲᠠ ᠲᠤᠰ ᠠᠷᠭ᠎ᠠ ᠳᠤ ᠬᠡᠯᠡᠵᠦ ᠪᠠᠶᠢᠭ᠎ᠠ ᠨᠢᠭᠡ ᠡᠷᠦᠬᠡ ᠭᠡᠳᠡᠭ ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠲᠠᠷᠢᠶᠠᠴᠢᠨ ᠮᠠᠯᠴᠢᠨ ᠡᠷᠦᠬᠡ ᠠᠮᠠ ᠶᠢᠨ ᠳᠡᠪᠲᠡᠷ ᠢᠶᠠᠨ ᠠᠪᠬᠤ ᠶᠢᠨ ᠬᠠᠮᠲᠤ᠂ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠷᠬᠡ ᠪᠠ ᠡᠭᠦᠷᠭᠡ ᠶᠢ ᠭᠦᠷᠳᠡᠵᠦ ᠪᠠᠶᠢᠭ᠎ᠠ ᠲᠠᠷᠢᠶᠠᠯᠠᠬᠤ ᠮᠠᠯᠵᠢᠬᠤ ᠡᠷᠦᠬᠡ ᠶᠢᠨ ᠬᠥᠮᠦᠨ ᠠᠮᠠ ᠶᠢ ᠵᠢᠭᠠᠵᠤ ᠪᠤᠶ᠃          ᠲᠠᠪᠤ᠂ ᠮᠠᠯᠵᠢᠬᠤ ᠣᠷᠣᠨ ᠤ ᠮᠠᠯᠴᠢᠳ ᠣᠷᠣᠨ ᠰᠠᠭᠤᠴᠠ ᠶᠢᠨ ᠭᠠᠵᠠᠷ ᠭᠤᠶᠤᠴᠢᠯᠠᠬᠤ ᠳᠤ ᠬᠡᠷᠡᠭᠰᠡᠬᠦ ᠨᠥᠬᠦᠴᠡᠯ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢ ᠦᠨᠳᠦᠰᠦᠯᠡᠪᠡᠯ᠂ ᠮᠠᠯᠴᠢᠨ ᠲᠠᠷᠢᠶᠠᠴᠢᠨ ᠡᠷᠦᠬᠡ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠷᠦᠬᠡ ᠪᠠᠷ ᠨᠢᠭᠡᠴᠢ ᠪᠣᠯᠭᠠᠨ ᠣᠷᠣᠨ ᠰᠠᠭᠤᠴᠠ ᠶᠢᠨ ᠭᠠᠵᠠᠷ ᠭᠤᠶᠤᠴᠢᠯᠠᠵᠤ ᠪᠣᠯᠣᠨ᠎ᠠ᠄ ᠨᠢᠭᠡ᠂ ᠣᠷᠤᠨ ᠰᠠᠭᠤᠴᠠ ᠶᠢᠨ ᠭᠠᠵᠠᠷ ᠪᠠᠶᠢᠬᠤ ᠦᠭᠡᠢ︔ ᠬᠤᠶᠠᠷ᠂ ᠦᠷ᠎ᠡ ᠬᠡᠦᠬᠡᠳ ᠢᠶᠠᠷ ᠢᠶᠠᠨ ᠬᠤᠷᠢᠮᠯᠠᠭᠰᠠᠨ ᠠᠴᠠ ᠪᠣᠯᠵᠣ ᠡᠷᠦᠬᠡ ᠬᠤᠪᠢᠶᠠᠬᠤ ᠴᠢᠬᠤᠯᠠᠲᠠᠶ ᠪᠣᠯᠪᠠᠴᠤ ᠣᠲᠣ ᠶᠢᠨ ᠪᠠᠶᠢᠭ᠎ᠠ ᠣᠷᠣᠨ ᠰᠠᠭᠤᠴᠠ ᠶᠢᠨ ᠭᠠᠵᠠᠷ ᠨᠢ ᠡᠷᠦᠬᠡ ᠬᠤᠪᠢᠶᠠᠬᠤ ᠪᠠᠷᠢᠮᠵᠢᠶ᠎ᠠ ᠠᠴᠠ ᠳᠣᠤᠷ᠎ᠠ ᠪᠠᠶᠢᠬᠤ︔ ᠭᠤᠷᠪᠠ᠂ ᠣᠲᠣ ᠶᠢᠨ ᠪᠠᠶᠢᠭ᠎ᠠ ᠣᠷᠣᠨ ᠰᠠᠭᠤᠴᠠ ᠨᠢ ᠰᠢᠶᠠᠩ ︵ᠪᠠᠯᠭᠠᠰᠤ︶ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠥᠯᠥᠭᠡᠯᠡᠵᠦ᠂ ᠨᠡᠭᠦᠯᠭᠡᠵᠦ ᠳᠠᠬᠢᠨ ᠪᠠᠶᠢᠭᠤᠯᠬᠤ ᠴᠢᠬᠤᠯᠠᠲᠠᠶ ᠪᠠᠶᠢᠬᠤ︔ ᠳᠥᠷᠪᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠵᠦ ᠭᠠᠴᠠᠭ᠎ᠠ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠳᠤ ᠵᠢᠩᠬᠢᠨᠢ ᠪᠦᠷᠢᠯᠳᠦᠬᠦᠨ ᠪᠣᠯᠵᠤ ᠨᠡᠭᠦᠵᠦ ᠣᠷᠣᠬᠤ ᠮᠥᠷᠲᠡᠭᠡᠨ ᠤᠭ ᠨᠤᠲᠤᠭ ᠦᠭᠡᠢ ᠨᠢ ᠣᠷᠣᠨ ᠰᠠᠭᠤᠴᠠ ᠶᠢᠨ ᠭᠠᠵᠠᠷ ᠪᠠᠶᠢᠬᠤ ᠥᠬᠡᠶ︔ ᠲᠠᠪᠤ᠂ ᠪᠠᠶᠢᠭᠠᠯᠢ ᠶᠢᠨ ᠭᠠᠮᠰᠢᠭ ᠠᠴᠠ ᠪᠣᠯᠵᠣ ᠡᠪᠳᠡᠭᠳᠡᠨ ᠰᠦᠢᠳᠭᠡᠭᠳᠡᠭᠰᠡᠨ ᠪᠤᠶᠤ ᠭᠠᠵᠠᠷ ᠵᠦᠢ ᠶᠢᠨ ᠭᠠᠮᠰᠢᠭ ᠠᠴᠠ ᠵᠠᠶᠢᠯᠠᠵᠤ ᠨᠡᠭᠦᠯᠭᠡᠭᠰᠡᠨ︔ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠪᠠᠶᠢᠳᠠᠯ᠃        ᠵᠢᠷᠭᠤᠭ᠎ᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠬᠥᠳᠡᠭᠡ ᠲᠣᠰᠬᠤᠨ ᠳᠤ ᠬᠦᠷᠴᠦ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠴᠤ ᠳᠡᠶᠢᠯᠬᠦ ᠡᠰᠡᠬᠦ᠃ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾        ᠳᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠳᠡᠭᠡ ᠲᠣᠰᠬᠤᠨ ᠳᠤ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ ᠴᠠᠭᠠᠵᠠᠯᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号