2024 ᠣᠨ ᠤ 3 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/6/25
      3 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠨᠠᠷ ᠱᠠᠨᠳᠥ᠋ᠩ ᠤᠨ ᠪᠠᠶᠠᠨᠬᠦ᠋ᠭᠡᠪᠦᠷ ᠠᠭᠤᠷᠬᠠᠶ ᠶᠢᠨ ᠦᠢᠯᠡᠰ᠂ ᠰᠢᠯᠢ ᠶᠢᠨ ᠠᠭᠤᠷᠬᠠᠶ ᠶᠢᠨ ᠦᠢᠯᠡᠰ᠂ ᠱᠠᠨ ᠶᠢᠨ ᠠᠷᠤ ᠬᠠᠳᠠ ᠠᠭᠤᠷᠬᠠᠶ ᠶᠢᠨ ᠦᠢᠯᠡᠰ᠂ ᠷᠦᠩ ᠭᠤᠸᠠᠨ ᠠᠭᠤᠷᠬᠠᠶ ᠶᠢᠨ ᠦᠢᠯᠡᠰ ᠪᠣᠯᠤᠨ ᠳ᠋ᠠ ᠰᠠᠢ ᠲᠦᠸᠧ ᠠᠭᠤᠷᠬᠠᠶ ᠶᠢᠨ ᠣᠷᠣᠨ ᠵᠡᠷᠭᠡ ᠠᠭᠤᠷᠬᠠᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠪᠢᠶᠠᠷᠢ ᠲᠣᠪᠴᠢᠶ᠎ᠠ ᠪᠣᠯᠤᠨ ᠰᠤᠮᠤ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠳ ᠪᠠᠷ᠎ᠠ ᠪᠣᠯᠪᠠ᠃ ᠵᠧᠦ ᠢᠦᠢ ᠯᠦᠩ ᠱᠠᠭᠠᠷᠳᠠᠬᠤ ᠳᠠᠭᠠᠨ᠂ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠤᠰᠤᠳ ᠵᠣᠬᠢᠶᠠᠨ ᠪᠠᠶᠢᠭᠤᠯᠤᠯᠲᠠ ᠶᠢᠨ ᠪᠠᠷᠢᠯᠭ᠎ᠠ ᠶᠢᠨ ᠨᠢᠭᠡᠴᠡ ᠶᠢ ᠨᠢᠭᠡ ᠴᠤᠬᠴᠠᠵᠢᠭᠤᠯᠤᠬᠰᠠᠨ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠡᠬᠢ ᠡᠭᠦᠰᠦᠯ ᠠᠴᠠ ᠨᠢ ᠠᠮᠤᠷ ᠲᠦᠪᠰᠢᠨ ᠢ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠶᠤᠨᠴᠢᠯᠠᠭᠰᠠᠨ ᠠᠭᠤᠷᠬᠠᠢ ᠶᠢᠨ ᠪᠦᠳᠦᠬᠡᠨ ᠪᠠᠶᠢᠭᠤᠯᠤᠯᠲᠠ᠂ ᠪᠣᠬᠢᠷᠲᠤᠯ ᠦᠬᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠢ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠦᠷᠭᠦᠯᠵᠢᠯᠡᠨ ᠪᠠᠬᠢᠵᠢᠭᠦᠯᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      3 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃ ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠵᠦ᠂ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠤᠶᠠᠷ ᠬᠤᠷᠠᠯ ᠠᠴᠠ ᠲᠣᠭᠲᠠᠭᠠᠭᠰᠠᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ 2024 ᠣᠨ ᠤ ᠭᠤᠤᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠰᠦᠯᠵᠢᠶᠡᠨ ᠤ ᠠᠵᠢᠯᠯᠠᠭ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠤᠬᠠᠮᠰᠠᠷ ᠠᠴᠠ ᠪᠠᠨ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠨᠢᠭᠲᠠ ᠪᠥᠭᠡᠳ ᠪᠠᠲᠤ ᠰᠦᠯᠵᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ ᠶᠢ ᠴᠢᠩᠭᠠᠳᠬᠠᠵᠤ᠂        ︽ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠭᠡᠵᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ︾ ᠶᠢ ᠪᠡᠶᠡᠯᠡᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ᠃      3 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠵᠡᠷᠭᠡ ᠬᠤᠰᠢᠭᠤ ᠤᠳᠤᠷᠢᠳᠤᠯᠭ᠎ᠠ ᠡᠷᠳᠡᠨᠢᠳᠠᠯᠠᠢ ᠶᠢ ᠬᠠᠯᠠᠭᠤᠨ ᠢᠶᠠᠷ ᠤᠭᠲᠤᠵᠤ᠂ ᠰᠠᠭᠤᠳᠠᠯ ᠤᠨ ᠬᠤᠷᠠᠯ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠡᠷᠳᠡᠨᠢᠳᠠᠯᠠᠢ ᠪᠥᠬᠦ ᠤᠯᠤᠰ ᠤᠨ ᠬᠤᠶᠠᠷ ᠬᠤᠷᠠᠯ ᠤᠨ ᠦᠪᠡᠳᠡᠭᠰᠢ ᠪᠠᠶᠢᠳᠠᠯ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠪᠠ ᠦᠨᠡᠨ ᠪᠣᠳᠠᠲᠠᠶ ᠲᠥᠷᠥᠭᠳᠡᠯ ᠢᠶᠠᠨ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠬᠤᠭᠤᠴᠠᠭᠠᠨ ᠳᠤ᠂ ᠡᠷᠳᠡᠨᠢᠳᠠᠯᠠᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠢᠯᠢ ᠬᠢᠵᠠᠭᠠᠷ ᠤᠨ ᠮᠠᠯᠵᠢᠬᠤ ᠣᠷᠣᠨ ᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ ᠰᠠᠨᠠᠭᠤᠯᠭ᠎ᠠ︾᠂《 ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠰᠠᠨᠠᠭᠤᠯᠭ᠎ᠠ》᠂ ︽ᠥᠪᠥᠷ ᠮᠣᠩᠭᠤᠯ ᠤᠨ ᠲᠠᠯ᠎ᠠ ᠨᠤᠲᠤᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠭᠤᠯᠭ᠎ᠠ︾ ᠵᠡᠷᠭᠡ ᠭᠤᠷᠪᠠᠨ ᠲᠥᠯᠥᠭᠡᠯᠡᠭᠴᠢᠳ ᠤᠨ ᠰᠠᠨᠠᠭᠤᠯᠭ᠎ᠠ ᠶᠢ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠣᠳᠠᠲᠠᠶ ᠠᠵᠢᠯᠯᠠᠬᠤ ᠴᠤᠭ ᠵᠢᠪᠬᠤᠭ᠎ᠠ ᠶᠢ ᠢᠯᠡᠷᠡᠭᠦᠯᠪᠡ᠃ ᠡᠷᠳᠡᠨᠢᠳᠠᠯᠠᠢ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠬᠠᠷᠠᠯᠲᠠ ᠪᠠ ᠠᠷᠭ᠎ᠠ ᠬᠡᠮᠵᠢᠶ᠎ᠡ ᠶᠣᠰᠣᠭᠠᠷ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠡᠩ ᠨᠢᠭᠲᠠ ᠬᠠᠷᠢᠯᠴᠠᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠨᠠᠮ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠤᠬᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠬᠦ ᠶᠢ ᠠᠬᠢᠭᠤᠯᠤᠨ᠎ᠠ ᠭᠡᠵᠦ ᠢᠯᠡᠳᠬᠡᠪᠡ᠃      3 ᠰᠠᠷ᠎ᠠ ᠶᠢᠨ 13 ᠤ ᠡᠳᠦᠷ᠂ ᠡᠳ᠋ ᠪᠠᠷᠠᠭ᠎ᠠ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠤᠳ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠥᠲᠥᠭᠡᠨ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠡᠮᠦᠨ᠎ᠡ ᠲᠡᠷᠢ ᠲᠡᠭᠰᠢ ᠵᠣᠭᠰᠣᠵᠤ᠂ ᠰᠢᠨ᠎ᠡ ᠵᠠᠮ ᠢᠶᠠᠷ ᠦᠩᠭᠡᠷᠡᠬᠦ ᠪᠠᠷ ᠬᠦᠯᠢᠶᠡᠵᠦ ᠪᠠᠶᠢᠯ᠎ᠠ᠃ ᠡᠨᠡ ᠬᠦ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠠᠰᠢᠭᠯᠠᠯᠲᠠ ᠳᠤ ᠣᠷᠣᠭᠤᠯᠤᠭᠰᠠᠨ ᠨᠢ ᠪᠠᠰᠠ ᠵᠡᠭᠦᠨ ᠬᠠᠲᠠᠪᠴᠢ ᠪᠣᠭᠤᠮᠲᠠ ᠶᠢᠨ ᠬᠥᠭᠵᠢᠯᠲᠡ ︽ᠲᠦᠷᠭᠡᠨ ᠵᠠᠮ︾ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠵᠡᠷᠭᠡ ᠤᠳᠤᠷᠢᠳᠤᠯᠭ᠎ᠠ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠡᠬᠢᠯᠡᠨ ᠬᠡᠷᠡᠭᠯᠡᠬᠦ ᠶᠣᠰᠣᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠶᠣᠰᠣᠯᠠᠯ ᠢ ᠡᠷᠭᠢᠯᠡᠪᠡ᠃ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠠᠳᠠᠪᠴᠢ ᠪᠠᠯᠭᠠᠰᠤᠨ ᠤ ᠭᠤᠤᠯ ᠬᠠᠷᠢᠭᠤᠴᠠᠯᠭᠠᠲᠠᠨ ᠵᠢᠴᠢ ᠬᠢᠨᠠᠨ ᠬᠠᠮᠢᠶᠠᠷᠬᠤ ᠲᠠᠯᠠᠪᠤᠷ ᠭᠠᠵᠠᠷ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃      3 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠭᠤᠣᠯᠯᠠᠨ ᠡᠷᠭᠢᠯᠡᠵᠦ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ︽ᠤᠯᠠᠭᠠᠨ ᠬᠦᠬᠡ ᠠᠭᠤᠰᠤᠯᠴᠠᠬᠤ ᠶᠢ ᠦᠢᠯᠡᠳᠦᠯᠭᠡᠵᠢᠭᠦᠯᠵᠦ᠂ ᠣᠯᠤᠰ ᠢᠶᠠᠨ ᠬᠦᠴᠦᠷᠭᠡᠭᠵᠢᠭᠦᠯᠦᠨ ᠮᠠᠨᠳᠤᠭᠤᠯᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠪᠠᠴᠢᠮ ᠶᠠᠭᠠᠷᠠᠯᠲᠠᠶ ᠤᠷᠤᠯᠳᠤᠭᠠᠨ ᠢᠶᠠᠷ ᠳᠡᠮᠵᠢᠨ᠂ ᠡᠴᠦᠰ ᠲᠡᠭᠡᠨ ᠬᠤᠰᠢᠭᠤ ᠠᠵᠢᠯᠴᠢᠨ ᠤ ᠶᠡᠷᠦᠩᠬᠡᠶ ᠡᠪᠯᠡᠯ᠂ ᠭᠠᠬᠢᠯ ᠰᠤᠮᠤ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠵᠦ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ ᠤᠷᠤᠯᠳᠤᠭᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠷᠤᠯᠳᠤᠭᠠᠨ ᠨᠢ ᠲᠠᠮᠢᠷᠴᠢᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠣᠨᠣᠯ ᠪᠠ ᠴᠡᠷᠢᠭ ᠤᠨ ᠶᠠᠪᠤᠳᠠᠯ ᠤᠨ ᠮᠡᠳᠡᠯᠭᠡ ᠶᠢ ᠣᠶᠢᠯᠠᠭᠠᠭᠤᠯᠵᠤ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠪᠣᠶ ᠪᠣᠯᠭᠠᠵᠤ᠂ ᠬᠤᠶᠢᠰᠢᠳᠠ ᠨᠠᠮ ᠤᠨ ᠰᠢᠨ᠎ᠡ ᠶᠢ ᠡᠭᠦᠳᠬᠦ ᠣᠨᠣᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠵᠣᠷᠢᠭᠲᠠᠶ ᠪᠠᠷ ᠤᠷᠤᠭᠰᠢᠯᠠᠵᠤ᠂ ᠵᠣᠷᠢᠭᠲᠠᠶ ᠪᠠᠷ ᠤᠷᠤᠭᠰᠢᠯᠠᠵᠤ᠂ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ ᠭᠡᠵᠡᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号